ᠬᠤᠷᠴᠢᠨ ᠲᠣᠭᠤᠷᠢᠭ᠄ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/3/20
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ︽ᠲᠣᠮᠣ ᠲᠠᠷᠢᠶᠠᠯᠠᠩ︾  ᠤᠨ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠭᠤᠯᠤᠭᠴᠢ ᠠᠵᠤ ᠠᠬᠤᠶᠢᠯᠠᠯ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠳᠠᠬᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠡ ᠦᠭᠡᠢ ᠤᠷᠲᠤᠳᠬᠠᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃ 2023 ᠣᠨ ᠳᠤ᠂ ᠮᠣᠩᠭᠤᠯ ᠸᠠᠩ ᠠᠵᠤ ᠦᠢᠯᠡᠰ ᠤᠨ ᠬᠢᠨ ᠤᠯᠤᠰ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠪᠠᠷ ᠦᠨᠡᠯᠡᠭᠳᠡᠵᠦ᠂ ᠤᠯᠤᠰ ᠤᠨ ᠲᠠᠰ ᠤᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ 6 ᠪᠣᠯᠣᠨ ᠨᠡᠮᠡᠭᠳᠡᠵᠦ᠂ ᠬᠤᠲᠠ ᠶᠢᠨ ᠲᠠᠰ  ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ 34 ᠪᠣᠯᠣᠨ ᠨᠡᠮᠡᠭᠳᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号