ᠠᠯᠪᠠᠨ ᠮᠡᠳᠡᠭᠡ᠄ ᠭᠤᠣᠯ ᠮᠥᠷᠡᠨ ᠤ ᠬᠠᠮᠢᠶᠠᠷᠤᠯᠲᠠ ᠶᠢᠨ ᠬᠡᠪᠴᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠲᠤᠬᠠᠢ ᠵᠠᠷᠯᠠᠬᠤ  ᠮᠡᠳᠡᠭᠳᠡᠯ
ᠨᠡᠶᠢᠲᠡᠯᠡᠭᠰᠡᠨ ᠴᠠᠭ᠄
2024/3/20
                                  2 ᠳ᠋ᠤᠭᠠᠷ ᠲᠣᠭᠠᠲᠤ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ︾ ︽ᠲᠦᠩᠯᠢᠶᠣᠣ ᠬᠤᠲᠠ ᠶᠢᠨ 2023 ᠣᠨ ᠤ ᠭᠤᠣᠯ ᠨᠠᠭᠤᠷ ᠤᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠲᠦᠩᠯᠢᠶᠣᠣ ᠬᠤᠲᠠ ᠶᠢᠨ ᠶᠡᠷᠦᠩᠬᠡᠢ ᠭᠤᠣᠯ ᠨᠠᠭᠤᠷ ᠤᠨ ᠳᠠᠷᠤᠭ᠎ᠠ 2023 ᠣᠨ ᠤ 1 ᠳ᠋ᠦᠭᠡᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠡᠳᠦᠭᠡ ᠳᠣᠣᠷᠠᠬᠢ ᠮᠡᠲᠦ ᠵᠠᠷᠯᠠᠶ᠎ᠠ᠄       ᠨᠢᠭᠡ᠂ ᠪᠠᠷᠠᠭᠤᠨ ᠯᠢᠶᠣᠤ ᠾᠧ ᠭᠤᠣᠯ᠂ ᠴᠢᠩ ᠾᠧ ᠭᠤᠣᠯ ᠤᠨ ᠬᠤᠶᠠᠷ ᠡᠷᠭᠢ ᠶᠢᠨ ᠬᠠᠰᠢᠯᠭ᠎ᠠ ᠲᠡᠯᠡᠩ ᠤᠨ ᠬᠤᠭᠤᠷᠣᠨᠳᠣᠬᠢ ᠤᠰᠦᠠ ᠣᠷᠣᠨ᠂ ᠡᠯᠡᠰᠦᠨ ᠬᠤᠶᠢᠭ᠂ ᠲᠡᠩ ᠭᠠᠵᠠᠷ (ᠲᠡᠷᠢᠶ᠎ᠠ ᠪᠠᠭᠲᠠᠨ᠎ᠠ)᠂ ᠦᠶᠡᠷ ᠵᠠᠯᠠᠬᠤ ᠣᠷᠣᠨ᠂ ᠬᠤᠶᠠᠷ ᠡᠷᠭᠢ ᠶᠢᠨ ᠬᠠᠰᠢᠯᠭ᠎ᠠ ᠲᠡᠯᠡᠩ ᠵᠢᠴᠢ ᠲᠡᠯᠡᠩ ᠬᠠᠮᠠᠭᠠᠯᠠᠬᠤ ᠭᠠᠵᠠᠷ ᠤᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠶᠠᠭᠤᠮ᠎ᠠ ᠬᠠᠶᠠᠬᠤ᠂ ᠣᠪᠣᠭᠠᠯᠠᠬᠤ ᠪᠠ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠵᠢᠴᠢ ᠥᠨᠳᠥᠷ ᠡᠰᠢᠲᠦ ᠲᠠᠷᠢᠮᠠᠯ ᠲᠡᠷᠢᠬᠤ ᠶᠢ ᠴᠠᠭᠠᠵᠠᠯᠠᠨ᠎ᠠ; ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠠᠨ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ᠂ ᠪᠠᠷᠢᠯᠭ᠎ᠠ ᠶᠢᠨ ᠵᠦᠢᠯ ᠪᠠᠶᠢᠭᠤᠯᠬᠤ ᠵᠢᠴᠢ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠲᠡᠯᠡᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ ᠭᠤᠣᠯ ᠤᠨ ᠵᠡᠮ ᠢᠶᠠᠷ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃       ᠬᠤᠶᠠᠷ᠂ ᠪᠠᠷᠠᠭᠤᠨ ᠯᠢᠶᠣᠤ ᠾᠧ ᠭᠤᠣᠯ ᠤᠨ ᠬᠠᠰᠢᠯᠭ᠎ᠠ ᠶᠢ ᠬᠠᠮᠠᠭᠠᠯᠠᠬᠤ ᠭᠠᠵᠠᠷ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ  ᠬᠠᠰᠢᠯᠭ᠎ᠠ ᠶᠢᠨ ᠬᠤᠷᠮᠣᠢ ᠠᠴᠠ ᠭᠠᠳᠠᠨ᠎ᠠ ᠬᠤᠶᠠᠷ ᠲᠠᠯ᠎ᠠ ᠪᠠᠷ ᠲᠤᠰ ᠪᠦᠷᠢ 50 ᠮᠧᠲᠷ; ᠴᠢᠩ ᠾᠧ ᠭᠤᠣᠯ ᠤᠨ ᠳᠠᠯᠠᠩ ᠢ ᠬᠠᠮᠠᠭᠠᠯᠠᠬᠤ ᠭᠠᠵᠠᠷ ᠤᠨ ᠬᠠᠮᠢᠶᠠᠷᠤᠯᠲᠠ ᠶᠢᠨ ᠬᠡᠪᠴᠢᠶ᠎ᠡ ᠨᠢ ᠳᠠᠯᠠᠩ ᠤᠨ ᠬᠤᠷᠮᠣᠢ ᠠᠴᠠ ᠭᠠᠳᠠᠨ᠎ᠠ ᠬᠤᠶᠠᠷ ᠲᠠᠯ᠎ᠠ  ᠪᠠᠷ ᠲᠤᠰ ᠪᠦᠷᠢ 30 ᠮᠧᠲᠷ ᠪᠠᠶᠢᠳᠠᠭ᠃       ᠭᠤᠷᠪᠠ᠂ ᠬᠤᠩ ᠾᠧ ᠭᠤᠣᠯ᠂ ᠡᠯ ᠳ᠋ᠣᠣ ᠾᠧ ᠭᠤᠣᠯ᠂ ᠬᠠᠢ ᠯᠢ ᠾᠧ ᠭᠤᠣᠯ᠂ ᠯᠢᠶᠣᠤ ᠾᠧ ᠭᠤᠣᠯ ᠤᠨ ᠤᠰᠤᠯᠠᠯᠲᠠ ᠶᠢᠨ ᠣᠷᠣᠨ ᠤ ᠰᠤᠪᠠᠭ ᠤᠨ ᠦᠶᠡᠷ ᠵᠠᠯᠠᠬᠤ ᠣᠷᠣᠨ ᠳᠤ ᠦᠶᠡᠷ ᠵᠠᠯᠠᠬᠤ ᠶᠢ ᠬᠠᠷᠰᠢᠯᠠᠬᠤ ᠪᠣᠳᠠᠰ ᠢ ᠬᠠᠶᠠᠬᠤ᠂ ᠣᠪᠣᠭᠠᠯᠠᠬᠤ ᠪᠠ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠵᠢᠴᠢ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠨ᠎ᠠ; ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠠᠨ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ᠂ ᠪᠠᠷᠢᠯᠭ᠎ᠠ ᠶᠢᠨ ᠵᠦᠢᠯ ᠪᠠᠶᠢᠭᠤᠯᠬᠤ ᠵᠢᠴᠢ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠲᠡᠯᠡᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ ᠭᠤᠣᠯ ᠤᠨ ᠵᠡᠮ ᠢᠶᠠᠷ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃       ᠳᠥᠷᠪᠡ᠂ ᠤᠰᠤᠨ ᠤ ᠪᠠᠷᠢᠯᠭ᠎ᠠ ᠶᠢᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠣᠣᠷᠠᠬᠢ ᠮᠡᠲᠦ ᠥᠢᠯᠡ ᠠᠵᠢᠯᠯᠠᠭ᠎ᠠ ᠶᠢ ᠴᠠᠭᠠᠵᠠᠯᠠᠨ᠎ᠠ᠄ ᠳᠡᠯᠪᠡᠴᠢᠬᠦ᠂ ᠥᠷᠥᠮᠳᠡᠨ ᠬᠠᠶᠢᠬᠤ᠂ ᠠᠭᠤᠷᠬᠠᠢ ᠮᠠᠯᠲᠠᠬᠤ᠂ ᠴᠢᠯᠠᠭᠤ ᠭᠠᠷᠭᠠᠬᠤ᠂ ᠡᠯᠡᠰᠦ ᠮᠠᠯᠲᠠᠬᠤ᠂ ᠬᠤᠳᠳᠤᠭ ᠮᠠᠯᠲᠠᠬᠤ᠂ ᠪᠣᠬᠢᠷᠲᠤᠯ ᠭᠠᠳᠠᠭᠰᠢᠯᠠᠭᠤᠯᠬᠤ᠂ ᠮᠠᠯᠲᠠᠬᠤ᠂ ᠠᠲᠠᠷ ᠬᠠᠭᠠᠯᠪᠤᠷᠢᠯᠠᠬᠤ᠂ ᠬᠡᠭᠦᠷ ᠣᠷᠣᠰᠢᠭᠤᠯᠬᠤ; ᠭᠤᠣᠯ ᠤᠨ ᠳᠠᠩ᠂ ᠦᠶᠡᠷ ᠢ ᠲᠣᠭᠲᠠᠭᠠᠨ ᠬᠤᠷᠠᠭᠤᠯᠬᠤ ᠣᠷᠣᠨ᠂ ᠴᠥᠭᠦᠷᠥᠮ ᠤᠨ ᠣᠷᠣᠨ ᠳᠤ ᠬᠦᠷᠢᠶᠡᠯᠡᠨ ᠬᠠᠭᠠᠯᠪᠤᠷᠢᠯᠠᠵᠤ᠂ ᠬᠠᠰᠢᠯᠭ᠎ᠠ ᠳᠠᠯᠠᠩ ᠪᠠᠷᠢᠵᠤ᠂ ᠬᠠᠶᠠᠭᠳᠠᠮᠠᠯ ᠰᠢᠷᠣᠢ᠂ ᠬᠠᠶᠠᠭᠳᠠᠮᠠᠯ ᠰᠢᠭᠠᠷᠤ᠂ ᠬᠠᠶᠠᠭᠳᠠᠮᠠᠯ ᠪᠣᠳᠠᠰ ᠢ ᠣᠪᠣᠭᠠᠯᠠᠨ ᠲᠠᠯᠪᠢᠬᠤ ; ᠤᠰᠤᠨ ᠴᠥᠭᠦᠷᠥᠮ᠂ ᠭᠤᠣᠯ ᠤᠨ ᠵᠠᠮ᠂ ᠰᠤᠪᠠᠭ᠂ ᠭᠤᠤ ᠶᠢ ᠵᠠᠰᠠᠬᠤ ᠭᠤᠣᠯ ᠪᠠᠷᠢᠯᠭ᠎ᠠ ᠶᠢᠨ ᠳᠣᠲᠣᠷ᠎ᠠ ᠤᠰᠤᠨ ᠤ ᠰᠠᠭᠠᠳ ᠭᠠᠷᠭᠠᠬᠤ ; ᠤᠰᠤᠨ ᠤ ᠪᠠᠷᠢᠯᠭ᠎ᠠ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠢ ᠶᠢ ᠡᠵᠡᠯᠡᠭᠰᠡᠨ ᠪᠤᠰᠤᠳ ᠠᠵᠢᠯᠯᠠᠭ᠎ᠠ ᠨᠤᠭᠤᠳ᠃       ᠲᠠᠪᠤ᠂ ᠪᠠᠷᠠᠭᠤᠨ ᠯᠢᠶᠣᠤ ᠾᠧ ᠭᠤᠣᠯ᠂ ᠴᠢᠩ ᠾᠧ ᠭᠤᠣᠯ ᠤᠨ ᠭᠤᠣᠯ ᠭᠤᠯᠳᠤᠷᠢᠯ ᠳᠤ  ᠲᠠᠷᠢᠮᠠᠯ ᠲᠠᠷᠢᠬᠤ ᠶᠢ ᠴᠠᠭᠠᠵᠠᠯᠠᠨ᠎ᠠ᠃       ᠵᠢᠷᠭᠤᠭ᠎ᠠ᠂ ᠶᠠᠮᠠᠷᠪᠠ ᠨᠢᠭᠡᠴᠢ᠂ ᠬᠤᠪᠢ ᠬᠥᠮᠥᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠶᠢ ᠵᠥᠷᠢᠴᠡᠭᠰᠡᠨ ᠪᠠᠶᠢᠪᠠᠯ᠂ ᠭᠤᠣᠯ ᠮᠥᠷᠡᠨ ᠤ ᠵᠠᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠴᠦ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                               ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                  2024 ᠣᠨ ᠤ 2 ᠰᠠᠷ᠎ᠠ ᠶᠢᠨ 15 ᠤ ᠡᠳᠦᠷ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号