ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠲᠣᠣᠷᠵᠢᠭᠰᠠᠨ | ᠦᠢᠯᠡᠳᠦᠯᠭᠡ ᠶᠢᠨ ᠵᠢᠭᠰᠠᠭᠠᠯ ᠤᠨ ᠭᠠᠵᠠᠷ᠂ ᠤᠯᠠᠨ ᠡᠰᠢᠵᠢᠭᠰᠡᠨ ᠦᠢᠯᠡᠳᠦᠯᠭᠡ ᠶᠢᠨ ᠠᠭᠤᠯᠭ᠎ᠠ᠂ ᠲᠦᠷᠦᠯ | ᠲᠡᠮᠳᠡᠭᠵᠢᠭᠰᠡᠨ ᠦᠢᠯᠡᠳᠦᠯᠭᠡ ᠶᠢᠨ ᠲᠦᠷᠦᠯ ᠵᠦᠢᠯ ᠢ ᠢᠳᠡᠪᠬᠢᠲᠡᠢ ᠴᠣᠭᠴᠠᠯᠠᠵᠤ᠂ ᠴᠡᠭ ᠤᠯᠠᠨ ᠬᠡᠪᠴᠢᠶ᠎ᠡ ᠥᠷᠭᠡᠨ᠂ | ᠴᠢᠳᠠᠮᠵᠢ ᠪᠦᠷᠢᠨ ᠲᠡᠭᠦᠯᠳᠡᠷ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠬᠦᠷᠢᠶ᠎ᠡ ᠶᠢ ᠪᠦᠷᠢᠯᠳᠦᠭᠦᠯᠵᠦ᠂ | ᠤᠯᠠᠨ ᠲᠦᠮᠡᠨ ᠳᠤ ᠪᠦᠬᠦ ᠲᠠᠯ᠎ᠠ ᠪᠠᠷ ᠦᠢᠯᠡᠴᠢᠯᠡᠪᠡ᠃ ᠣᠲᠣ ᠪᠣᠯᠲᠠᠯ᠎ᠠ᠂ ᠬᠤᠷᠴᠢᠨ ᠲᠣᠭᠤᠷᠢᠭ ᠨᠢ ᠲᠣᠭᠤᠷᠢᠭ ᠤᠨ | ᠲᠠᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ 1᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠭᠠᠵᠠᠷ 21᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ ᠶᠢ 434 ᠪᠠᠶᠢᠭᠤᠯᠪᠠ︔ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠯᠪᠠᠰᠤᠨ | ᠪᠦᠯᠬᠦᠮᠳᠡᠯ ᠤᠨ ᠬᠡᠲᠦ ᠳᠡᠯᠭᠡᠭᠦᠷ ᠢ 104 ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠬᠤᠪᠢ ᠬᠤᠷᠠᠮᠳᠤᠭᠤᠯᠵᠤ ᠰᠠᠶᠢᠨ ᠳᠤᠷ᠎ᠠ ᠶᠢᠨ ᠠᠵᠢᠯᠯᠠᠭᠴᠢ ᠳᠤ 2581 ᠬᠥᠮᠥᠨ ᠤᠳᠠᠭ᠎ᠠ ᠬᠠᠷᠢᠭᠤ | ᠥᠭᠪᠡ︔ ᠪᠣᠯᠪᠠᠰᠤᠨ ᠦᠢᠯᠡᠳᠦᠯᠭᠡ ᠶᠢᠨ ᠰᠠᠭᠤᠷᠢᠨ ᠭᠠᠵᠠᠷ 13᠂ ᠪᠣᠯᠪᠠᠰᠤᠨ ᠦᠢᠯᠡᠳᠦᠯᠭᠡ ᠶᠢᠨ ᠴᠡᠭ 6᠂ ᠰᠠᠶᠢᠨ | ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠨᠡᠪᠴᠢᠭᠦᠯᠬᠦ ᠰᠠᠭᠤᠷᠢᠨ ᠭᠠᠵᠠᠷ 4 ᠢ ᠤᠷᠲᠤᠳᠬᠠᠨ ᠪᠦᠲᠦᠭᠡᠨ | ᠪᠠᠶᠢᠭᠤᠯᠤᠨ᠎ᠠ᠃ |