ᠬᠤᠷᠴᠢᠨ ᠲᠣᠭᠤᠷᠢᠭ᠄ ᠴᠢᠳᠠᠪᠤᠷᠢᠲᠠᠨ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/3/26
      2023 ᠣᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ᠴᠢᠳᠠᠪᠤᠷᠢᠲᠠᠨ ᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠣᠯᠵᠤ ᠦᠢᠯᠡᠰ ᠪᠣᠰᠬᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠢᠵᠢ ᠪᠦᠷᠢᠳᠦᠭᠰᠡᠨ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠵᠠᠯᠭᠠᠪᠡᠷ ᠲᠣᠭᠲᠠᠭᠠᠵᠤ᠂ ᠴᠢᠳᠠᠪᠤᠷᠢᠲᠠᠨ ᠢ ᠦᠯᠡᠳᠡᠭᠡᠨ ᠠᠪᠬᠤ ᠲᠦᠷᠦ ᠶᠢᠨ ᠪᠣᠳᠣᠯᠭ᠎ᠠ ᠶᠢᠨ ᠪᠠᠬᠢᠯᠡᠯᠲᠡ ᠶᠢ ᠰᠢᠪᠲᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠬᠤᠷᠴᠢᠨ ᠲᠣᠭᠤᠷᠢᠭ ᠤᠨ 1 ᠬᠥᠮᠥᠨ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠨᠡᠮᠡᠭᠦᠷᠢ ᠶᠢ ᠭᠥᠷᠳᠡᠬᠦ ᠲᠤᠰᠬᠠᠢ ᠮᠡᠷᠭᠡᠵᠢᠯᠲᠡᠨ ᠤ ᠡᠩᠨᠡᠭᠡᠨ ᠳᠤ ᠣᠷᠣᠵᠤ᠂ 1 ᠬᠥᠮᠥᠨ ᠥᠪᠡᠷᠲᠡᠭᠡᠨ ᠵᠠᠰᠠᠬᠤ ᠣᠷᠣᠨ ᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ ᠤ ᠡᠩᠨᠡᠭᠡᠨ ᠳᠤ ᠣᠷᠣᠵᠤ᠂ 1 ᠬᠥᠮᠥᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠤ ᠡᠩᠨᠡᠭᠡᠨ ᠳᠤ ᠣᠷᠣᠵᠤ᠂ 6 ᠬᠥᠮᠥᠨ ᠰᠢᠨ᠎ᠡ ᠴᠠᠭ ᠦᠶ᠎ᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠬᠥᠮᠥᠵᠢᠭᠦᠯᠬᠦ ᠲᠥᠷᠥᠯ ᠵᠦᠢᠯ ᠳᠤ ᠰᠣᠩᠭᠤᠭᠳᠠᠵᠠᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号