ᠬᠤᠷᠴᠢᠨ ᠲᠣᠭᠤᠷᠢᠭ᠄ ᠪᠣᠯᠪᠠᠰᠤᠨ ᠤ ᠦᠢᠯᠡᠳᠦᠯᠭᠡ ᠶᠢ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠤᠨ᠎ᠠ
ᠨᠡᠶᠢᠲᠡᠯᠡᠭᠰᠡᠨ ᠴᠠᠭ᠄
2024/3/29
      2023 ᠣᠨ  ᠠᠴᠠ ᠨᠠᠰᠢ᠂ ᠬᠤᠷᠴᠢᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠠᠵᠠᠷ ᠨᠢ ᠣᠯᠠᠨ ᠲᠦᠮᠡᠨ ᠤ ︽ᠰᠠᠨᠠᠭ᠎ᠠ ᠵᠣᠪᠠᠭ᠋ᠤ ᠶᠠᠪᠤᠳᠠᠯ᠂ ᠪᠤᠬᠢᠨᠢᠳᠤᠯ ᠲᠠᠢ ᠶᠠᠪᠤᠳᠠᠯ︾  ᠢ ᠴᠢᠩᠭ᠎ᠠ ᠠᠩᠬᠠᠷᠴᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠠᠷᠠᠳ ᠤᠨ ᠰᠠᠨᠠᠭ᠎ᠠ ᠶᠢ ᠬᠤᠷᠢᠶᠠᠨ ᠴᠤᠭᠯᠠᠭᠤᠯᠬᠤ ᠲᠠᠪᠴᠠᠩ  ᠢ ᠠᠰᠢᠭᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠬᠤᠷᠢᠶᠠᠨ ᠴᠤᠭᠯᠠᠭᠤᠯᠵᠤ᠂ ︽ᠪᠠᠴᠢᠮ ᠪᠡᠷᠬᠡ ᠵᠣᠪᠠᠨᠢᠯ︾ ᠠᠰᠠᠭᠤᠳᠠᠯ  ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠡᠶᠡᠯᠡᠭᠦᠯᠵᠡᠢ᠃ ︽ᠰᠦᠯᠵᠢᠶᠡᠨ ᠳᠡᠭᠡᠷ᠎ᠡ︾ ︽ᠤᠮᠠᠷᠠᠲᠤ ᠬᠢᠯᠢ ᠶᠢᠨ ᠰᠢᠨ᠎ᠡ ᠴᠠᠭ ᠦᠶ᠎ᠡ︾ ᠪᠠᠷ ᠳᠠᠮᠵᠢᠭᠤᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ 1609 ᠵᠤᠷᠪᠤᠰ ᠴᠤᠭᠯᠠᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ 1402 ᠵᠤᠷᠪᠤᠰ ᠰᠢᠢᠳᠪᠦᠷᠢᠯᠡᠵᠡᠢ︔ ︽ᠰᠦᠯᠵᠢᠶᠡᠨ ᠠᠴᠠ ᠭᠠᠳᠠᠨ᠎ᠠ︾ ᠨᠢ ᠰᠠᠶᠢᠨ ᠳᠤᠷ᠎ᠠ ᠶᠢᠨ ᠠᠵᠢᠯᠯᠠᠭᠴᠢ ᠶᠢᠨ ᠲᠣᠭᠤᠷᠢᠨ ᠪᠠᠶᠢᠴᠠᠭᠠᠬᠤ ᠪᠠᠷ ᠳᠡᠮᠵᠢᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠳᠣᠲᠣᠷᠠᠬᠢ ᠣᠨᠴᠠᠭᠠᠢ ᠬᠥᠮᠥᠰ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠨ ᠡᠵᠡᠮᠰᠢᠬᠦ ᠶᠢᠨ ᠬᠠᠮᠲᠤ᠂ ᠪᠥᠬᠦ ᠬᠦᠴᠦᠨ ᠢᠶᠠᠷ ᠢᠶᠠᠨ ᠬᠠᠪᠰᠤᠷᠤᠨ ᠵᠣᠬᠢᠴᠠᠭᠤᠯᠵᠤ ᠰᠢᠢᠳᠪᠦᠷᠢᠯᠡᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号