ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ | ᠣᠷᠳᠣᠨ ᠤ ᠬᠠᠮᠢᠶ᠎ᠠ ᠪᠦᠬᠦᠢ ᠵᠥᠪᠯᠡᠯ ᠠᠯᠪᠠᠨ ᠭᠡᠷ ᠤᠨ ᠲᠣᠪᠴᠢᠶ᠎ᠠ ᠳᠤ᠄ | ︽ᠬᠤᠷᠴᠢᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠰᠬᠠᠢ | ᠠᠵᠢᠯᠯᠠᠭ᠎ᠠ ᠶᠢ ᠥᠷᠨᠢᠭᠦᠯᠬᠦ ᠠᠵᠢᠯ ᠤᠨ ᠲᠥᠰᠥᠯ︾ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃ | | | 2024 ᠣᠨ ᠤ 3 ᠰᠠᠷ᠎ᠠ ᠶᠢᠨ 6 ᠤ ᠡᠳᠦᠷ | | | | ᠬᠤᠷᠴᠢᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠰᠬᠠᠢ ᠠᠵᠢᠯᠯᠠᠭ᠎ᠠ | ᠥᠷᠨᠢᠭᠦᠯᠬᠦ ᠠᠵᠢᠯ ᠤᠨ ᠲᠥᠰᠥᠯ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠥᠬᠦ | ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠡᠶᠢᠭᠡᠮ ᠤᠨ | ᠡᠷᠡᠭᠦᠯ ᠮᠡᠨᠳᠦ ᠶᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠴᠡᠪᠡᠷ᠂ ᠲᠠᠭᠠᠯᠠᠮᠵᠢᠲᠠᠢ ᠣᠷᠣᠰᠢᠨ | ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠬᠤᠲᠠ ᠶᠢᠨ ᠵᠠᠰᠠᠭ ᠤᠨ | ᠣᠷᠳᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ | ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ︽ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ | ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ | ᠮᠥᠴᠢᠷ ᠠᠯᠤᠰᠯᠠᠨ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠳᠠᠶᠢᠴᠢᠯᠠᠬᠤ᠂ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠬᠠᠤᠯᠢ ᠶᠣᠰᠣᠭᠠᠷ ᠰᠢᠨᠵᠢᠯᠡᠬᠦ | ᠤᠬᠠᠭᠠᠨᠴᠢ ᠪᠠᠷ ᠵᠠᠰᠠᠬᠤ᠂ ᠪᠦᠬᠦ ᠠᠷᠠᠳ ᠢᠶᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠠᠵᠢᠯ ᠤᠨ | ᠴᠢᠭᠯᠡᠯᠲᠡ ᠶᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠯᠢᠳᠡᠭ | ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠠᠵᠢᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠠᠵᠢᠯ ᠤᠨ | ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠶᠡᠷᠦᠩᠬᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠪᠣᠯᠪᠠᠰᠤᠨ ᠡᠷᠡᠭᠦᠯ ᠪᠣᠬᠢᠷᠲᠤᠯ ᠦᠭᠡᠢ ᠣᠷᠴᠢᠨ ᠲᠣᠭᠤᠷᠢᠨ ᠢ | ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠨ᠎ᠠ᠃ | ᠬᠤᠶᠠᠷ᠂ ᠠᠵᠢᠯ ᠤᠨ ᠬᠠᠷᠠᠯᠲᠠ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠣᠯᠠᠨ ᠲᠦᠮᠡᠨ ᠢ ᠳᠠᠶᠢᠴᠢᠯᠠᠨ | ᠣᠷᠣᠯᠴᠠᠭᠤᠯᠬᠤ ᠪᠠᠷ ᠠᠷᠭ᠎ᠠ ᠵᠠᠮ ᠪᠣᠯᠭᠠᠵᠤ᠂ ᠡᠷᠡᠭᠦᠯ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ | ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠨ᠎ᠠ᠃ ᠬᠤᠲᠠ ᠬᠥᠳᠡᠭᠡ ᠶᠢᠨ ᠠᠭᠤᠯᠵᠠᠷ ᠬᠡᠰᠡᠭ ᠢᠶᠠᠷ ᠭᠤᠣᠯᠳᠠᠯᠭ᠎ᠠ | ᠪᠣᠯᠭᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ ᠣᠷᠴᠢᠨ | ᠲᠣᠭᠤᠷᠢᠨ ᠢ ᠢᠳᠡᠪᠬᠢᠲᠡᠢ ᠪᠠᠷ ᠥᠭᠡᠷᠡᠴᠢᠯᠡᠨ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠥᠬᠡ ᠣᠭᠲᠠᠷᠭᠤᠢ᠂ ᠴᠡᠩᠬᠡᠷ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠦᠷᠭᠦᠯᠵᠢᠯᠡᠨ ᠰᠠᠶᠢᠲᠤᠷ ᠬᠢᠵᠦ᠂ ᠬᠤᠲᠠ ᠬᠥᠳᠡᠭᠡ ᠶᠢᠨ ᠬᠤᠭ ᠨᠣᠪᠰᠢ | ᠪᠠ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠪᠡᠳᠴᠢᠨ ᠤ ᠵᠠᠭᠤᠴᠢ ᠠᠮᠢᠳᠤ ᠪᠣᠳᠠᠰ ᠢᠶᠠᠷ | ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠷᠡᠭᠦᠯ ᠰᠠᠷᠠᠭᠤᠯ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠲᠦᠭᠡᠨ ᠪᠠᠶᠢᠭᠤᠯᠤᠨ᠎ᠠ᠃ | ᠭᠤᠷᠪᠠ᠂ ᠭᠤᠣᠯ ᠡᠭᠦᠷᠭᠡ | ︵ᠨᠢᠭᠡ︶ ᠥᠷᠯᠥᠭᠡ᠂ ᠰᠥᠨᠢ ᠶᠢᠨ ᠵᠠᠬ᠎ᠠ ᠳᠡᠯᠭᠡᠭᠦᠷ ᠪᠠ ᠠᠷᠠᠳ ᠲᠤ ᠲᠥᠬᠦᠮ ᠦᠵᠡᠭᠦᠯᠬᠦ ᠵᠠᠬ᠎ᠠ | ᠳᠡᠯᠭᠡᠭᠦᠷ ᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠠᠷᠠᠳ ᠲᠤ ᠲᠥᠭᠦᠮ ᠦᠵᠡᠭᠦᠯᠬᠦ ᠲᠥᠷ | ᠴᠠᠭ ᠤᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠨᠢ ᠵᠢᠷᠤᠮᠵᠢᠯ ᠲᠠᠢ ᠪᠥᠭᠡᠳ ᠵᠦᠢ ᠵᠣᠬᠢᠰᠲᠠᠢ᠂ | ᠬᠠᠮᠢᠶᠠᠷᠤᠯᠲᠠ ᠶᠢᠨ ᠳᠦᠷᠢᠮ ᠨᠢ ᠪᠦᠷᠢᠨ᠂ ᠲᠣᠭᠲᠠᠭᠰᠠᠨ ᠴᠠᠭ᠂ ᠲᠣᠭᠲᠠᠭᠰᠠᠨ ᠴᠡᠭ᠂ ᠲᠣᠭᠲᠠᠭᠰᠠᠨ ᠲᠥᠷᠥᠯ | ᠵᠦᠢᠯ ᠤᠨ ᠨᠡᠭᠡᠭᠡᠯᠲᠡ ᠲᠠᠢ ᠪᠠᠶᠢᠵᠤ᠂ ᠲᠤᠰᠬᠠᠢ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠤᠨ᠂ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠲᠣᠬᠢᠷᠠᠭᠤᠯᠵᠤ᠂ ᠠᠷᠢᠭᠤᠨ ᠴᠡᠪᠡᠷ ᠪᠠᠶᠢᠯᠭᠠᠬᠤ ᠳᠦᠷᠢᠮ ᠢ | ᠨᠠᠶᠢᠳᠠᠪᠤᠷᠢᠵᠢᠭᠤᠯᠤᠨ᠂ ᠲᠦᠷ ᠴᠠᠭ ᠲᠡᠷᠭᠡ ᠵᠣᠭᠰᠤᠭᠠᠬᠤ ᠣᠷᠣᠨ ᠢ ᠬᠤᠪᠢᠶᠠᠷᠢᠯᠠᠨ ᠲᠣᠭᠲᠠᠭᠠᠵᠤ᠂ ᠡᠷᠬᠢᠨ | ᠲᠣᠭᠤᠷᠢᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ᠂ ᠵᠠᠮ ᠬᠠᠷᠢᠯᠴᠠᠭᠠᠨ ᠤ ᠡᠮᠬᠢ | ᠳᠢᠭᠯᠢᠮ ᠪᠠ ᠣᠯᠠᠨ ᠲᠦᠮᠡᠨ ᠤ ᠬᠡᠪ ᠤᠨ ᠠᠮᠢᠳᠤᠷᠠᠯ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠢ᠃ ᠢᠳᠡᠭᠡᠨ ᠤ | ᠳᠡᠯᠭᠡᠭᠦᠷᠴᠢᠨ ᠢᠳᠡᠭᠡᠨ ᠤ ᠠᠶᠤᠯᠭᠦᠢ ᠶᠢᠨ ᠱᠠᠭᠠᠷᠳᠠᠯᠭ᠎ᠠ ᠳᠤ ᠨᠡᠶᠢᠴᠡᠵᠦ᠂ ᠦᠢᠯᠡᠳᠪᠦᠷᠢᠯᠡᠵᠦ ᠡᠵᠡᠩᠨᠡᠵᠦ ᠪᠠᠶᠢᠭ᠎ᠠ | ᠢᠳᠡᠭᠡᠨ ᠤ ᠪᠠᠨ ᠠᠷᠢᠭᠤᠨ ᠴᠡᠪᠡᠷ᠂ ᠬᠤᠣᠷ ᠦᠭᠡᠢ ᠪᠠᠶᠢᠬᠤ ᠶᠢ ᠪᠠᠲᠤᠯᠠᠨ᠎ᠠ᠃ ︵ᠲᠦᠷᠦᠭᠦᠯᠡᠬᠦ ᠤᠳᠤᠷᠢᠳᠤᠯᠭ᠎ᠠ᠄ | ᠵᠢᠶᠠᠩ ᠵᠢᠶᠦ᠋ᠨ ᠵᠧᠩ︔ ᠲᠦᠷᠦᠭᠦᠯᠡᠬᠦ ᠨᠢᠭᠡᠴᠢ᠄ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ︔ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠬᠤᠶᠠᠷ︶ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠨᠢᠲᠤᠯᠬᠤ ᠶᠢ ᠴᠡᠭᠴᠡᠯᠡᠨ ᠵᠠᠰᠠᠬᠤ ᠲᠤᠰᠬᠠᠢ | ᠵᠦᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠪᠠᠶᠢᠭᠤᠯᠤᠭᠰᠠᠨ ᠣᠷᠣᠨ ᠪᠠ ᠲᠡᠵᠢᠭᠡᠬᠦ ᠶᠢ | ᠴᠠᠭᠠᠵᠠᠯᠠᠬᠤ ᠣᠷᠣᠨ ᠳᠤ ᠮᠠᠯ ᠵᠢᠭᠦᠷᠲᠡᠨ ᠪᠠ ᠬᠡᠭᠡᠷ᠎ᠡ ᠶᠢᠨ ᠠᠮᠢᠲᠠᠨ ᠢ ᠲᠡᠵᠢᠭᠡᠬᠦ ᠳᠤ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ | ᠪᠦᠲᠦᠮᠵᠢᠲᠡᠶ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠨ ᠲᠡᠵᠢᠭᠡᠨ ᠠᠷᠠᠴᠢᠯᠠᠭᠰᠠᠨ ᠢ ᠢᠯᠡᠴᠢᠯᠡᠨ ᠮᠡᠳᠡᠭᠦᠯᠬᠦ | ᠠᠷᠭ᠎ᠠ ᠵᠠᠮ ᠢ ᠭᠠᠳᠠᠭᠰᠢ ᠨᠡᠶᠢᠲᠡᠯᠡᠬᠦ ᠬᠡᠷᠡᠭᠲᠡᠢ︔ ᠠᠮᠢᠳᠤ ᠵᠢᠭᠦᠷᠲᠡᠨ ᠢ ᠪᠣᠷᠣᠯᠠᠭᠤᠯᠬᠤ ᠣᠷᠣᠨ ᠪᠦᠰᠡ ᠶᠢ | ᠬᠠᠷᠢᠴᠠᠩᠭᠤᠢ ᠪᠠᠷ ᠲᠤᠰᠠᠭᠠᠷ ᠪᠠᠶᠢᠷᠢᠯᠠᠭᠤᠯᠵᠤ᠂ ᠴᠢᠳᠠᠮᠵᠢ ᠶᠢᠨ ᠬᠤᠪᠢᠶᠠᠷᠢ ᠲᠣᠭᠤᠷᠢᠭ ᠨᠢ ᠵᠦᠢ ᠵᠣᠬᠢᠰᠲᠠᠢ | ᠪᠠᠶᠢᠵᠤ᠂ ᠲᠤᠰᠠᠭᠠᠷᠯᠠᠨ ᠠᠯᠠᠵᠤ ᠨᠢᠲᠤᠯᠬᠤ ᠶᠢ ᠬᠡᠷᠡᠭᠵᠢᠭᠦᠯᠦᠨ᠂ ᠬᠠᠶᠠᠭᠳᠠᠮᠠᠯ ᠪᠣᠳᠠᠰ ᠢ ᠵᠢᠷᠤᠮᠵᠢᠭᠤᠯᠤᠨ | ᠰᠢᠢᠳᠪᠦᠷᠢᠯᠡᠬᠦ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠠᠮᠢᠳᠤ ᠵᠢᠭᠦᠷᠲᠡᠨ ᠦᠭᠡᠢ ᠠᠷᠠᠯᠵᠢᠶᠠᠯᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠬᠦ ᠤᠳᠤᠷᠢᠳᠤᠯᠭ᠎ᠠ᠄ ᠪᠠᠢ ᠪᠠᠭᠠᠨ᠎ᠠ︔ ᠲᠦᠷᠦᠭᠦᠯᠡᠬᠦ ᠨᠢᠭᠡᠴᠢ᠄ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︿ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠠᠬᠢ | ᠠᠮᠢᠳᠤ ᠵᠢᠭᠦᠷᠲᠡᠨ ᠤ ᠠᠷᠠᠯᠵᠢᠶ᠎ᠠ ᠶᠢ ᠬᠠᠷᠢᠭᠤᠴᠠᠨ᠎ᠠ﹀᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠭᠤᠷᠪᠠ︶ ᠣᠯᠠᠨ ᠨᠡᠶᠢᠲᠡ ᠶᠢᠨ ᠲᠠᠯᠠᠪᠤᠷ ᠤᠨ ︽ᠳᠥᠷᠪᠡᠨ ᠵᠢᠵᠢᠭ︾ ᠠᠵᠢᠯ ᠲᠥᠷᠥᠯ ᠤᠨ ᠲᠤᠰᠬᠠᠢ | ᠵᠦᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ | ᠬᠠᠮᠠᠭᠠᠯᠠᠯ ᠤᠨ ᠬᠢᠨᠠᠯᠲᠠ ᠶᠢ ᠬᠡᠮᠵᠢᠶᠡᠵᠢᠭᠦᠯᠦᠨ ᠱᠠᠲᠤ ᠬᠤᠪᠢᠶᠠᠨ ᠬᠠᠮᠢᠶᠠᠷᠬᠤ ᠶᠢ ᠨᠡᠶᠢᠳᠡᠮ ᠬᠡᠷᠡᠭᠵᠢᠭᠦᠯᠦᠨ᠂ ᠣᠯᠠᠨ | ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠢᠲᠡᠭᠡᠮᠵᠢ ᠶᠢᠨ ᠬᠡᠮᠵᠢᠶ᠎ᠡ ᠵᠡᠷᠭᠡ ᠶᠢ ᠨᠡᠶᠢᠭᠡᠮ ᠨᠡᠶᠢᠲᠡ ᠳᠤ ᠢᠯᠡ | ᠨᠡᠶᠢᠲᠡᠯᠡᠵᠦ᠂ ᠢᠯᠭᠠᠬᠤ ᠲᠡᠮᠳᠡᠭ ᠢ ᠨᠢᠭᠡᠳᠦᠯᠲᠡᠢ ᠵᠢᠷᠤᠮᠵᠢᠭᠤᠯᠤᠨ᠎ᠠ᠃ ᠠᠷᠢᠭᠤᠨ ᠴᠡᠪᠡᠷ ᠤᠨ ᠵᠥᠪᠰᠢᠶᠡᠷᠡᠯ ᠤᠨ | ᠦᠨᠡᠮᠯᠡᠯ ᠨᠢ ᠪᠦᠷᠢᠨ ᠭᠦᠢᠴᠡᠳ ᠪᠥᠭᠡᠳ ᠬᠦᠴᠦᠨ ᠲᠠᠢ᠂ ᠠᠷᠢᠭᠤᠨ ᠴᠡᠪᠡᠷ ᠤᠨ ᠬᠠᠮᠢᠶᠠᠷᠤᠯᠲᠠ ᠨᠢ | ᠳᠦᠷᠢᠮᠵᠢᠯ ᠲᠠᠢ᠂ ᠬᠡᠷᠡᠭᠯᠡᠭᠴᠢᠳ ᠲᠤ ᠰᠢᠭᠤᠳ ᠦᠢᠯᠡᠴᠢᠯᠡᠬᠦ ᠬᠥᠮᠥᠰ ᠡᠷᠡᠭᠦᠯ ᠮᠡᠨᠳᠦ ᠶᠢᠨ ᠬᠢᠷᠢ ᠲᠡᠩᠴᠡᠭᠰᠡᠨ | ᠬᠦᠴᠦᠨ ᠪᠦᠬᠦᠢ ᠭᠡᠷᠡᠴᠢ ᠣᠯᠵᠤ᠂ ᠥᠷᠥᠭᠡᠨ ᠳᠣᠲᠣᠷ᠎ᠠ ᠲᠠᠮᠠᠬᠢᠨ ᠤ ᠬᠡᠷᠡᠭᠰᠡᠯ ᠬᠠᠩᠭᠠᠬᠤ ᠦᠭᠡᠢ᠂ ᠲᠠᠮᠠᠬᠢ | ᠲᠠᠲᠠᠬᠤ ᠦᠵᠡᠭᠳᠡᠯ ᠪᠠᠶᠢᠵᠤ ᠪᠣᠯᠬᠤ ᠦᠭᠡᠢ᠃ ︵ᠲᠦᠷᠦᠭᠦᠯᠡᠬᠦ ᠤᠳᠤᠷᠢᠳᠤᠯᠭ᠎ᠠ᠄ ᠶᠠᠩ ᠰᠢᠸ ᠶᠤᠸᠠᠨ︔ | ᠲᠦᠷᠦᠭᠦᠯᠡᠬᠦ ᠨᠢᠭᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ | ᠨᠢᠭᠡᠴᠢ᠄ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠳᠥᠷᠪᠡ︶ ᠲᠡᠷᠭᠡ ᠬᠥᠰᠬᠡ ᠵᠣᠭᠰᠤᠭᠠᠬᠤ ᠶᠢ ᠵᠢᠷᠤᠮᠵᠢᠭᠤᠯᠬᠤ ᠲᠤᠰᠬᠠᠢ ᠵᠦᠢᠯ ᠤᠨ ᠠᠵᠢᠯᠯᠠᠭ᠎ᠠ ᠶᠢ | ᠥᠷᠨᠢᠭᠦᠯᠦᠨ᠎ᠡ᠃ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠶᠢ ᠡᠮᠬᠢ ᠵᠢᠷᠤᠮ ᠲᠠᠢ ᠵᠢᠷᠤᠮᠵᠢᠯ ᠲᠠᠢ ᠪᠠᠷ | ᠵᠣᠭᠰᠣᠭᠠᠵᠤ᠂ ᠨᠣᠭᠤᠭᠠᠷᠠᠭᠤᠯᠤᠯᠲᠠ ᠶᠢᠨ ᠪᠦᠰᠡ᠂ ᠰᠣᠬᠤᠷ ᠬᠥᠮᠥᠨ ᠤ ᠵᠠᠮ ᠢ ᠡᠵᠡᠯᠡᠨ ᠬᠡᠷᠡᠭᠯᠡᠬᠦ ᠦᠭᠡᠢ᠂ ᠮᠠᠰᠢᠨᠲᠤ | ᠲᠡᠷᠭᠡ ᠶᠢ ᠲᠣᠭᠲᠠᠭᠠᠯ ᠠᠴᠠ ᠵᠥᠷᠢᠴᠡᠨ ᠶᠠᠪᠠᠭᠠᠨ ᠬᠥᠮᠥᠨ ᠤ ᠵᠠᠮ ᠳᠡᠭᠡᠷ᠎ᠡ ᠵᠣᠭᠰᠤᠭᠠᠬᠤ ᠦᠭᠡᠢ᠂ ᠮᠠᠰᠢᠨᠲᠤ ᠪᠤᠰᠤ | ᠲᠡᠷᠭᠡ ᠶᠢ ᠲᠠᠯᠪᠢᠬᠤ ᠨᠢ ᠶᠠᠪᠠᠭᠠᠨ ᠬᠥᠮᠥᠨ ᠤ ᠨᠡᠪᠲᠡᠷᠡᠬᠦ ᠶᠢ ᠨᠥᠯᠥᠭᠡᠯᠡᠬᠦ ᠦᠭᠡᠢ᠃ ᠬᠠᠶᠠᠭᠳᠠᠮᠠᠯ ᠲᠡᠷᠭᠡ᠂ ︽ | ᠦᠬᠦᠰᠢᠷᠡᠮᠡᠯ︾ ᠲᠡᠷᠭᠡ ᠵᠡᠷᠭᠡ ᠶᠢ ᠴᠠᠭ ᠲᠤᠬᠠᠢ ᠳᠤᠨᠢ ᠴᠡᠪᠡᠷᠯᠡᠪᠡ᠃ ︵ᠲᠦᠷᠦᠭᠦᠯᠡᠬᠦ ᠤᠳᠤᠷᠢᠳᠤᠯᠭ᠎ᠠ᠄ ᠮᠦ ᠳ᠋ᠧ | ᠵᠢᠶᠦ᠋ᠨ︔ ᠲᠦᠷᠦᠭᠦᠯᠡᠬᠦ ᠨᠢᠭᠡᠴᠢ᠄ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠲᠠᠪᠤ︶ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠦᠨ᠎ᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠵᠢᠷᠤᠮᠵᠢᠭᠤᠯᠤᠨ | ᠪᠠᠶᠢᠷᠢᠯᠠᠭᠤᠯᠬᠤ ᠪᠠ ᠬᠠᠮᠢᠶᠠᠷᠴᠤ᠂ ᠬᠤᠭ ᠨᠣᠪᠰᠢ ᠶᠢ ᠬᠤᠷᠢᠶᠠᠨ ᠴᠤᠭᠯᠠᠭᠤᠯᠬᠤ ᠴᠢᠭ᠂ ᠣᠯᠠᠨ ᠨᠡᠶᠢᠲᠡ ᠶᠢᠨ | ᠵᠣᠷᠯᠣᠩ ᠵᠡᠷᠭᠡ ᠪᠡᠯᠡᠳᠬᠡᠮᠵᠢ ᠶᠢ ᠭᠦᠢᠴᠡᠳ ᠲᠣᠬᠢᠷᠠᠭᠤᠯᠤᠨ᠂ ᠴᠠᠭ ᠲᠤᠬᠠᠢ ᠳᠤᠨᠢ ᠴᠡᠪᠡᠷᠯᠡᠵᠦ᠂ ᠡᠳᠦᠷ | ᠲᠤᠲᠤᠮ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠨ | ᠲᠡᠭᠡᠭᠡᠪᠦᠷᠢᠯᠡᠵᠦ᠂ ᠵᠠᠮ ᠢ ᠬᠠᠲᠠᠭᠤᠷᠠᠭᠤᠯᠤᠨ ᠲᠡᠭᠰᠢᠯᠡᠵᠦ᠂ ᠭᠤᠣᠯ ᠪᠣᠯᠬᠤ ᠵᠠᠮ ᠳᠤ ᠵᠠᠮ ᠤᠨ ᠳ᠋ᠧᠩ ᠲᠣᠬᠢᠷᠠᠭᠤᠯᠤᠨ | ᠂ ︽ᠠᠷᠪᠠᠨ ᠡᠷᠦᠢ ᠬᠤᠷᠤᠢ ᠦᠭᠡᠢ︾ ᠦᠵᠡᠭᠳᠡᠯ ᠢ ᠠᠷᠢᠯᠭᠠᠨ᠎ᠠ᠃ ︵ᠲᠦᠷᠦᠭᠦᠯᠡᠬᠦ ᠤᠳᠤᠷᠢᠳᠤᠯᠭ᠎ᠠ᠄ ᠰᠢᠦᠢ ᠽᠧ | ᠮᠢᠨ︔ ᠲᠦᠷᠦᠭᠦᠯᠡᠬᠦ ᠨᠢᠭᠡᠴᠢ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ | ︵ᠵᠢᠷᠭᠤᠭ᠎ᠠ︶ ᠠᠮᠢᠳᠤᠷᠠᠯ ᠤᠨ ᠬᠤᠭ ᠨᠣᠪᠰᠢ ᠶᠢᠨ ᠳᠠᠮᠵᠢᠭᠤᠯᠬᠤ ᠥᠷᠲᠡᠭᠡ ᠶᠢ ᠲᠡᠭᠦᠯᠳᠡᠷᠵᠢᠭᠦᠯᠦᠨ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ | ᠴᠤᠭᠯᠠᠭᠤᠯᠵᠤ ᠲᠡᠭᠡᠭᠡᠪᠦᠷᠢᠯᠡᠬᠦ ᠰᠢᠰᠲ᠋ᠧᠮᠵᠢ ᠪᠠ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠡᠷᠭᠢᠯᠳᠦᠭᠦᠯᠦᠨ | ᠠᠰᠢᠭᠯᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠵᠦ᠂ ᠬᠤᠭ ᠨᠣᠪᠰᠢ ᠶᠢ ᠳᠠᠮᠵᠢᠭᠤᠯᠤᠨ | ᠲᠡᠭᠡᠭᠡᠪᠦᠷᠢᠯᠡᠬᠦ ᠥᠷᠲᠡᠭᠡ ᠶᠢᠨ ᠪᠠᠶᠢᠷᠢᠯᠠᠭᠤᠯᠬᠤ ᠪᠠ ᠬᠠᠮᠢᠶᠠᠷᠬᠤ ᠵᠢᠷᠤᠮᠵᠢᠯ ᠢ ᠴᠢᠩᠭᠠᠳᠬᠠᠨ᠂ ᠬᠤᠭ ᠨᠣᠪᠰᠢ ᠶᠢ | ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠬᠤᠶᠠᠳᠠᠭᠢ ᠤᠳᠠᠭᠠᠨ ᠤ ᠪᠣᠬᠢᠷᠲᠤᠯ ᠢ ᠬᠢᠵᠠᠭᠠᠷᠯᠠᠬᠤ ᠠᠷᠭ᠎ᠠ | ᠬᠡᠮᠵᠢᠶ᠎ᠡ ᠶᠢ ᠴᠢᠩᠭᠠᠳᠬᠠᠨ᠎ᠠ᠃ ᠠᠮᠢᠳᠤᠷᠠᠯ ᠤᠨ ᠬᠤᠭ ᠨᠣᠪᠰᠢ ᠶᠢ ᠲᠡᠭᠡᠭᠡᠪᠦᠷᠢᠯᠡᠬᠦ ᠲᠡᠷᠭᠡ ᠬᠥᠰᠬᠡ ᠶᠢ ᠥᠭᠡᠷᠡᠴᠢᠯᠡᠬᠦ | ᠠᠵᠢᠯᠯᠠᠭ᠎ᠠ ᠶᠢ ᠥᠷᠨᠢᠭᠦᠯᠵᠦ᠂ ᠲᠡᠷᠭᠡᠨ ᠤ ᠳᠦᠷᠰᠦ ᠨᠢ ᠴᠡᠪᠡᠷ ᠲᠡᠭᠰᠢ᠂ ᠲᠡᠮᠳᠡᠭ ᠨᠢ ᠲᠣᠳᠣᠷᠬᠠᠢ᠂ ᠲᠡᠭᠡᠭᠡᠪᠦᠷᠢᠯᠡᠬᠦ | ᠶᠠᠪᠤᠴᠠ ᠳᠤ ᠬᠤᠭ ᠨᠣᠪᠰᠢ ᠶᠢ ᠬᠡᠶᠢᠰᠬᠡᠬᠦ᠂ ᠰᠠᠴᠤᠬᠤ᠂ ᠴᠢᠷᠬᠦ ᠪᠠ ᠪᠣᠬᠢᠷ ᠤᠰᠤ ᠶᠢ ᠭᠤᠭᠤᠵᠢᠭᠤᠯᠬᠤ ᠦᠭᠡᠢ᠃ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠣᠯᠠᠨ ᠨᠡᠶᠢᠲᠡ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠳᠠᠳᠬᠠᠯ ᠲᠠᠢ ᠪᠣᠯᠭᠠᠨ᠎ᠠ᠃ ︵ᠲᠦᠷᠦᠭᠦᠯᠡᠬᠦ ᠤᠳᠤᠷᠢᠳᠤᠯᠭ᠎ᠠ᠄ ᠰᠢᠦᠢ ᠽᠧ ᠮᠢᠨ︔ | ᠲᠦᠷᠦᠭᠦᠯᠡᠬᠦ ᠨᠢᠭᠡᠴᠢ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠯᠪᠠᠨ ᠭᠡᠷ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ | ︵ᠳᠣᠯᠤᠭ᠎ᠠ︶ ᠪᠠᠷᠢᠯᠭ᠎ᠠ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ | ᠳᠤᠷ᠎ᠠ ᠪᠠᠷ ᠢᠶᠠᠨ ᠬᠤᠭ ᠨᠣᠪᠰᠢ ᠶᠢ ᠲᠦᠷ ᠬᠠᠳᠠᠭᠠᠯᠠᠬᠤ ᠭᠠᠵᠠᠷ ᠭᠠᠷᠭᠠᠬᠤ ᠪᠠ ᠪᠠᠷᠢᠯᠭ᠎ᠠ ᠶᠢᠨ ᠬᠤᠭ ᠨᠣᠪᠰᠢ ᠶᠢ | ᠬᠤᠯᠠᠭᠠᠶᠢᠯᠠᠨ ᠤᠨᠠᠭᠠᠬᠤ ᠲᠤᠰᠬᠠᠢ ᠴᠣᠬᠢᠯᠲᠠ ᠥᠭᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ | ᠥᠷᠨᠢᠭᠦᠯᠦᠨ᠎ᠡ; ᠲᠣᠭᠤᠭᠠᠨ ᠭᠡᠷ ᠤᠨ ᠬᠤᠭ ᠨᠣᠪᠰᠢ ᠶᠢᠨ ᠰᠠᠪᠠ ᠶᠢ ᠲᠣᠭᠲᠠᠭᠰᠠᠨ ᠴᠡᠭ ᠲᠤ ᠲᠠᠯᠪᠢᠬᠤ ᠪᠠ | ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ︽ᠲᠡᠷᠭᠡᠨ ᠳᠡᠭᠡᠷ᠎ᠡ ᠰᠠᠭᠤᠯᠠᠭ᠎ᠠ ᠰᠠᠪᠠᠯᠠᠬᠤ᠂ ᠰᠠᠭᠤᠯᠠᠭ᠎ᠠ | ᠰᠣᠯᠢᠵᠤ ᠰᠢᠭᠤᠳ ᠲᠡᠭᠡᠭᠡᠪᠦᠷᠢᠯᠡᠬᠦ︾ ᠵᠡᠷᠭᠡ ᠨᠢᠭᠲᠠ ᠪᠢᠲᠡᠭᠦᠮᠵᠢᠯᠡᠭᠰᠡᠨ᠂ ᠥᠨᠳᠥᠷ ᠦᠷ᠎ᠡ ᠪᠦᠲᠦᠮᠵᠢᠲᠡᠶ | ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠰᠦᠪᠡᠭᠴᠢᠯᠡᠨ ᠬᠡᠷᠡᠭᠵᠢᠭᠦᠯᠵᠦ᠂ | ᠲᠡᠷᠭᠡᠨ ᠳᠤ ᠲᠡᠭᠡᠭᠡᠵᠦ ᠲᠡᠭᠡᠭᠡᠪᠦᠷᠢᠯᠡᠬᠦ ᠶᠠᠪᠤᠴᠠ ᠳᠠᠬᠢ ︽ᠠᠰᠬᠠᠵᠤ ᠭᠤᠭᠤᠵᠢᠭᠤᠯᠬᠤ︾ ᠶᠢ ᠪᠠᠭᠠᠰᠬᠠᠨ᠎ᠠ᠃ ︵ | ᠲᠦᠷᠦᠭᠦᠯᠡᠬᠦ ᠤᠳᠤᠷᠢᠳᠤᠯᠭ᠎ᠠ᠄ ᠰᠢᠦᠢ ᠽᠧ ᠮᠢᠨ︔ ᠲᠦᠷᠦᠭᠦᠯᠡᠬᠦ ᠨᠢᠭᠡᠴᠢ᠄ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ | ︵ᠨᠠᠢᠮᠠ︶ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢᠨ ᠲᠤᠰᠬᠠᠢ | ᠵᠦᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠳᠦᠷᠢᠮ ᠢ ᠵᠢᠷᠤᠮᠵᠢᠭᠤᠯᠵᠤ᠂ ᠪᠠᠷᠢᠯᠭ᠎ᠠ ᠶᠢᠨ ᠭᠠᠵᠠᠷ ᠲᠤ ᠬᠦᠷᠢᠶ᠎ᠡ ᠬᠡᠷᠡᠮ ᠲᠠᠢ ᠪᠠᠶᠢᠵᠤ᠂ ᠬᠦᠷᠢᠶᠡᠯᠡᠨ ᠬᠠᠰᠢᠬᠤ ᠳᠤ | ᠴᠡᠪᠡᠷ ᠲᠡᠭᠰᠢ᠂ ᠭᠤᠶᠣ ᠰᠠᠶᠢᠬᠠᠨ᠂ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠭᠠᠷᠬᠤ ᠡᠭᠦᠳᠡᠨ ᠳᠤ ᠲᠡᠷᠭᠡ | ᠬᠥᠰᠬᠡ ᠶᠢ ᠤᠬᠢᠶᠠᠬᠤ ᠪᠡᠯᠡᠳᠬᠡᠮᠵᠢ ᠲᠣᠬᠢᠷᠠᠭᠤᠯᠬᠤ ᠶᠢᠨ ᠬᠠᠮᠲᠤ ᠵᠢᠷᠤᠮᠵᠢᠭᠤᠯᠤᠨ ᠬᠡᠷᠡᠭᠯᠡᠵᠦ᠂ ᠪᠠᠷᠢᠯᠭ᠎ᠠ ᠶᠢᠨ | ᠭᠠᠵᠠᠷ ᠤᠨ ᠳᠣᠲᠣᠷᠠᠬᠢ ᠭᠤᠣᠯ ᠪᠣᠯᠬᠤ ᠵᠠᠮ ᠱᠤᠭᠤᠮ ᠢ ᠬᠠᠲᠠᠭᠤᠷᠠᠭᠤᠯᠤᠨ ᠲᠡᠭᠰᠢᠬᠡᠨ ᠪᠠᠶᠢᠯᠭᠠᠵᠤ᠂ ᠢᠯᠡ ᠭᠠᠵᠠᠷ | ᠪᠠ ᠣᠪᠣᠭᠠᠯᠠᠨ ᠲᠠᠯᠪᠢᠭᠰᠠᠨ ᠰᠢᠷᠣᠢ ᠶᠢᠨ ᠵᠣᠷ ᠲᠤ ᠪᠦᠷᠬᠦᠬᠦ᠂ ᠬᠠᠲᠠᠭᠤᠷᠠᠭᠤᠯᠬᠤ ᠪᠤᠶᠤ ᠨᠣᠭᠤᠭᠠᠷᠠᠭᠤᠯᠬᠤ ᠵᠡᠷᠭᠡ | ᠠᠷᠭ᠎ᠠ ᠬᠡᠮᠵᠢᠶ᠎ᠡ ᠠᠪᠴᠤ᠂ ᠵᠠᠮ ᠡᠵᠡᠯᠡᠨ ᠲᠡᠷᠭᠡ ᠬᠥᠰᠬᠡ ᠶᠢ ᠤᠬᠢᠶᠠᠬᠤ᠂ ᠵᠠᠮ ᠢ ᠪᠣᠬᠢᠷᠳᠠᠭᠤᠯᠵᠤ ᠡᠪᠳᠡᠬᠦ | ᠦᠵᠡᠭᠳᠡᠯ ᠪᠠᠶᠢᠵᠤ ᠪᠣᠯᠬᠤ ᠦᠭᠡᠢ᠃ ︵ᠲᠦᠷᠦᠭᠦᠯᠡᠬᠦ ᠤᠳᠤᠷᠢᠳᠤᠯᠭ᠎ᠠ᠄ ᠰᠢᠦᠢ ᠽᠧ ᠮᠢᠨ︔ ᠲᠦᠷᠦᠭᠦᠯᠡᠬᠦ | ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ︔ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ | ︵ᠶᠢᠰᠦ︶ ᠵᠣᠷᠯᠣᠩ ᠤᠨ ᠬᠤᠪᠢᠰᠬᠠᠯ ᠤᠨ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠵᠣᠷᠯᠣᠩ ᠤᠨ | ᠬᠤᠪᠢᠰᠬᠠᠯ ᠢ ᠢᠳᠡᠪᠬᠢᠲᠡᠢ ᠠᠬᠢᠭᠤᠯᠵᠤ᠂ ᠣᠯᠠᠨ ᠨᠡᠶᠢᠲᠡ ᠶᠢᠨ ᠵᠣᠷᠯᠣᠩ ᠤᠨ ᠲᠣᠬᠢᠷᠠᠭᠤᠯᠤᠯᠲᠠ ᠨᠢ ᠬᠠᠮᠢᠶ᠎ᠠ | ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠲᠤᠭ᠎ᠠ ᠬᠡᠮᠵᠢᠶ᠎ᠡ ᠨᠢ ᠭᠦᠢᠴᠡᠳ᠂ ᠴᠡᠪᠡᠷ ᠲᠡᠭᠰᠢ ᠪᠠᠶᠢᠵᠤ᠂ | ᠠᠷᠢᠭᠤᠨ ᠴᠡᠪᠡᠷ ᠵᠣᠷᠯᠣᠩ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠭᠤᠣᠯ ᠳᠡᠳ᠋ ᠵᠠᠮ᠂ ᠲᠡᠷᠭᠡᠨ ᠥᠷᠲᠡᠭᠡ᠂ | ᠡᠮᠴᠢᠯᠡᠭᠡᠨ ᠤ ᠪᠠᠶᠢᠭᠤᠯᠤᠮᠵᠢ᠂ ᠨᠢᠰᠬᠡᠯ ᠤᠨ ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠴᠤᠭᠯᠠᠭ᠎ᠠ | ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠨᠡᠶᠢᠲᠡ ᠶᠢᠨ | ᠵᠣᠷᠯᠣᠩ ᠤᠨ ᠪᠡᠯᠡᠳᠬᠡᠮᠵᠢ ᠶᠢ ᠬᠤᠶᠠᠳᠤᠭᠠᠷ ᠲᠥᠷᠥᠯ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | ᠦᠷᠭᠦᠯᠵᠢᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠲᠣᠭᠤᠷᠢᠭ ᠲᠤ ᠬᠠᠭᠤᠷᠠᠢ ᠵᠣᠷᠯᠣᠩ ᠦᠭᠡᠢ | ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠬᠦ ᠤᠳᠤᠷᠢᠳᠤᠯᠭ᠎ᠠ᠄ ᠰᠢᠦᠢ ᠽᠧ ᠮᠢᠨ︔ | ᠲᠦᠷᠦᠭᠦᠯᠡᠬᠦ ᠨᠢᠭᠡᠴᠢ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠠᠷᠪᠠ︶ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠪᠠᠶᠢᠭᠤᠯᠤᠭᠰᠠᠨ ᠣᠷᠣᠨ ᠪᠠ ᠬᠤᠳᠠ ᠬᠥᠳᠡᠭᠡ ᠶᠢᠨ ᠠᠭᠤᠯᠵᠠᠷ | ᠬᠡᠰᠡᠭ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠠᠶᠢᠷᠢᠰᠢᠯ ᠵᠦᠢ ᠵᠣᠬᠢᠰᠲᠠᠢ᠂ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠡᠵᠡᠩᠨᠡᠯᠲᠡ ᠶᠢᠨ ᠣᠷᠣᠨ | ᠪᠦᠰᠡ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠲᠦᠭᠦᠬᠡᠢ ᠪᠠ ᠪᠣᠯᠪᠠᠰᠤᠷᠠᠩᠭᠤᠢ ᠶᠢ ᠰᠠᠯᠭᠠᠬᠤ᠂ ᠬᠠᠭᠤᠷᠠᠢ | ᠨᠣᠶᠢᠲᠠᠨ ᠢ ᠰᠠᠯᠭᠠᠬᠤ ᠶᠢ ᠬᠡᠷᠡᠭᠵᠢᠭᠦᠯᠦᠨ᠎ᠡ; ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠢ ᠬᠠᠪᠰᠤᠷᠭᠠᠨ | ᠡᠵᠡᠩᠨᠡᠵᠦ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠨᠢ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠢ ᠣᠷᠣᠨ ᠪᠦᠰᠡ ᠪᠤᠶᠤ ᠴᠠᠭ | ᠬᠤᠭᠤᠴᠠᠭ᠎ᠠ ᠬᠤᠪᠢᠶᠠᠨ ᠡᠵᠡᠩᠨᠡᠬᠦ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ | ᠵᠠᠬ᠎ᠠ ᠳᠡᠯᠭᠡᠭᠦᠷ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠲᠥᠬᠦᠭᠡᠷᠦᠮᠵᠢ ᠨᠢ ᠡᠷᠡᠭᠦᠯ ᠬᠠᠮᠠᠭᠠᠯᠠᠯ ᠬᠢᠵᠢᠭ ᠢ | ᠰᠡᠷᠭᠡᠶᠢᠯᠡᠬᠦ ᠪᠠ ᠢᠳᠡᠭᠡᠨ ᠤ ᠠᠶᠤᠯᠭᠦᠢ ᠶᠢᠨ ᠱᠠᠭᠠᠷᠳᠠᠯᠭ᠎ᠠ ᠳᠤ ᠨᠡᠶᠢᠴᠡᠭᠰᠡᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ | ᠪᠠ ᠠᠷᠢᠭᠤᠨ ᠴᠡᠪᠡᠷ ᠤᠨ ᠠᠵᠢᠯᠲᠠᠨ ᠲᠣᠬᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠬ᠎ᠠ ᠳᠡᠯᠭᠡᠭᠦᠷ | ᠵᠠᠪᠰᠠᠷᠯᠠᠬᠤ ᠪᠠ ᠤᠬᠢᠶᠠᠵᠤ ᠠᠷᠢᠭᠤᠳᠬᠠᠬᠤ ᠳᠦᠷᠢᠮ ᠢ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠠᠷᠢᠭᠤᠨ | ᠴᠡᠪᠡᠷ ᠤᠨ ᠪᠡᠯᠡᠳᠬᠡᠮᠵᠢ ᠪᠦᠷᠢᠨ ᠭᠦᠢᠴᠡᠳ᠂ ᠴᠡᠪᠡᠷ ᠲᠡᠭᠰᠢ ᠪᠠᠶᠢᠵᠤ᠂ ︽ᠳᠥᠷᠪᠡᠨ ᠬᠤᠣᠷ︾ ᠢ ᠪᠦᠲᠦᠮᠵᠢᠲᠡᠶ | ᠰᠡᠷᠭᠡᠶᠢᠯᠡᠨ ᠬᠤᠷᠢᠭᠯᠠᠬᠤ ᠬᠡᠷᠡᠭᠲᠡᠢ︔ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠵᠤ ᠵᠠᠷᠯᠠᠨ ᠨᠡᠶᠢᠲᠡᠯᠡᠬᠦ | ᠠᠭᠤᠯᠭ᠎ᠠ ᠶᠢ ᠵᠢᠷᠤᠮᠵᠢᠭᠤᠯᠤᠨ᠎ᠠ︔ ᠪᠢᠯᠧᠲ ᠲᠡᠮᠳᠡᠭ ᠨᠢ ᠪᠦᠷᠢᠨ ᠪᠤᠰᠤ᠂ ᠢᠷᠡᠯᠲᠡ ᠨᠢ ᠲᠣᠳᠣᠷᠬᠠᠢ ᠦᠭᠡᠢ | ᠢᠳᠡᠭᠡᠨ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠬᠤᠭᠤᠴᠠᠭ᠎ᠠ ᠨᠢ ᠥᠩᠭᠡᠷᠡᠭᠰᠡᠨ᠂ | ᠴᠢᠨᠠᠷ ᠨᠢ ᠬᠤᠪᠢᠷᠠᠭᠰᠠᠨ ᠢᠳᠡᠭᠡᠨ ᠢ ᠴᠠᠭ ᠲᠤᠬᠠᠢ ᠳᠤᠨᠢ ᠢᠯᠭᠠᠷᠠᠭᠤᠯᠵᠤ᠂ ᠢᠳᠡᠭᠡᠨ ᠤ ᠠᠮᠤᠷ ᠲᠦᠪᠰᠢᠨ ᠢ | ᠪᠠᠲᠤᠯᠠᠬᠤ ᠬᠡᠷᠡᠭᠲᠡᠢ᠃ ︵ᠲᠦᠷᠦᠭᠦᠯᠡᠬᠦ ᠤᠳᠤᠷᠢᠳᠤᠯᠭ᠎ᠠ᠄ ᠶᠢᠦ ᠵᠢᠶᠦ᠋ᠨ︔ ᠲᠦᠷᠦᠭᠦᠯᠡᠬᠦ ᠨᠢᠭᠡᠴᠢ᠄ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠠᠷᠪᠠᠨ ᠨᠢᠭᠡ︶ ᠢᠳᠡᠭᠡᠨ ᠤ ︽ᠭᠤᠷᠪᠠᠨ ᠵᠢᠵᠢᠭ︾ ᠤᠨ ᠠᠵᠢᠯ ᠲᠥᠷᠥᠯ ᠤᠨ ᠲᠤᠰᠬᠠᠢ ᠠᠵᠢᠯᠯᠠᠭ᠎ᠠ ᠶᠢ | ᠥᠷᠨᠢᠭᠦᠯᠦᠨ᠎ᠡ᠃ ᠵᠢᠵᠢᠭ ᠬᠤᠭᠤᠯᠠᠨ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ᠂ ᠵᠢᠵᠢᠭ ᠦᠢᠯᠡᠳᠬᠡᠯ ᠤᠨ | ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠡᠵᠡᠩᠨᠡᠯᠲᠡ ᠶᠢᠨ ᠭᠠᠵᠠᠷ ᠦᠭᠡᠢ ᠢᠳᠡᠭᠡᠨ ᠤ ᠳᠡᠯᠭᠡᠭᠦᠷᠴᠢᠨ ᠳᠤ | ᠨᠢᠭᠡᠳᠦᠯᠲᠡᠢ ᠬᠠᠮᠢᠶᠠᠷᠤᠯᠲᠠ ᠬᠡᠷᠡᠭᠵᠢᠭᠦᠯᠵᠦ᠂ ᠣᠷᠣᠨ ᠪᠦᠰᠡ ᠲᠣᠭᠲᠠᠭᠠᠵᠤ᠂ ᠲᠦᠷᠦᠯ ᠵᠦᠢᠯ ᠤᠨ ᠡᠵᠡᠩᠨᠡᠯᠲᠡ ᠶᠢ | ᠬᠢᠵᠠᠭᠠᠷᠯᠠᠨ᠎ᠠ᠃ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠂ ︽ | ᠪᠤᠵᠠᠷ᠂ ᠡᠷᠦᠢ ᠬᠤᠷᠤᠢ ᠦᠭᠡᠢ᠂ ᠪᠠᠷᠤᠭᠲᠠᠢ︾ ᠵᠡᠷᠭᠡ ᠬᠦᠴᠢᠷ ᠠᠰᠠᠭᠤᠳᠠᠯ ᠢ ᠪᠦᠲᠦᠮᠵᠢᠲᠡᠶ ᠵᠠᠰᠠᠵᠤ᠂ ︽ᠭᠤᠷᠪᠠ | ᠦᠭᠡᠢ︾ ᠢᠳᠡᠭᠡᠨ᠂ ᠬᠤᠳᠠᠯ ᠬᠠᠭᠤᠷᠮᠠᠭ ᠢᠳᠡᠭᠡᠨ᠂ ᠴᠢᠨᠠᠷ ᠮᠠᠭᠤᠲᠠᠢ ᠢᠳᠡᠭᠡᠨ᠂ ᠬᠤᠭᠤᠴᠠᠭ᠎ᠠ ᠥᠩᠭᠡᠷᠡᠭᠰᠡᠨ | ᠢᠳᠡᠭᠡᠨ ᠢ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ︵ᠲᠦᠷᠦᠭᠦᠯᠡᠬᠦ ᠤᠳᠤᠷᠢᠳᠤᠯᠭ᠎ᠠ᠄ ᠶᠢᠦ ᠵᠢᠶᠦ᠋ᠨ︔ ᠲᠦᠷᠦᠭᠦᠯᠡᠬᠦ ᠨᠢᠭᠡᠴᠢ᠄ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠠᠷᠪᠠᠨ ᠬᠤᠶᠠᠷ︶ ᠳᠠᠬᠢᠯᠲᠠ ᠡᠬᠢ ᠪᠠᠶᠠᠯᠢᠭ ᠤᠨ ᠪᠤᠴᠠᠭᠠᠨ ᠬᠤᠷᠢᠶᠠᠬᠤ ᠥᠷᠲᠡᠭᠡ ᠶᠢ ᠴᠡᠭᠴᠡᠯᠡᠨ ᠵᠠᠰᠠᠬᠤ | ᠲᠤᠰᠬᠠᠢ ᠵᠦᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠶᠢ | ᠪᠥᠬᠦ ᠲᠠᠯ᠎ᠠ ᠪᠠᠷ ᠣᠶᠢᠯᠠᠭᠠᠨ ᠵᠢᠭᠰᠠᠭᠠᠵᠤ ᠴᠡᠭᠴᠡᠯᠡᠨ ᠵᠠᠰᠠᠨ᠎ᠠ᠃ ᠦᠨᠡᠮᠯᠡᠯ ᠦᠭᠡᠢ ᠪᠠᠷ ᠡᠵᠡᠩᠨᠡᠬᠦ ᠶᠢ ᠪᠦᠬᠦᠨ ᠢ | ᠬᠦᠴᠦᠨ ᠦᠭᠡᠢ ᠪᠣᠯᠭᠠᠵᠤ᠂ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠳᠤ ᠳᠠᠬᠢᠯᠲᠠ ᠡᠬᠢ ᠪᠠᠶᠠᠯᠢᠭ ᠤᠨ | ᠠᠷᠠᠯᠵᠢᠶ᠎ᠠ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠬᠦᠷᠢᠶᠡᠯᠡᠩ ᠲᠣᠭᠤᠷᠢᠭ ᠤᠨ | ᠳᠣᠲᠣᠷ᠎ᠠ ᠬᠤᠳᠠᠯᠳᠤᠨ ᠠᠪᠬᠤ᠂ ᠲᠥᠷᠥᠯ ᠬᠤᠪᠢᠶᠠᠬᠤ ᠶᠢ ᠪᠡᠶᠡᠯᠡᠭᠦᠯᠦᠨ᠂ ᠵᠢᠷᠤᠮᠵᠢᠯ ᠲᠠᠢ᠂ ᠠᠮᠤᠷ | ᠲᠦᠪᠰᠢᠨ ᠢᠶᠠᠷ ᠬᠠᠳᠠᠭᠠᠯᠠᠬᠤ ᠪᠠ ᠲᠡᠭᠡᠭᠡᠪᠦᠷᠢᠯᠡᠬᠦ ᠳᠤ ᠬᠦᠷᠦᠭᠦᠯᠦᠨ᠎ᠡ᠃ ︵ᠲᠦᠷᠦᠭᠦᠯᠡᠬᠦ ᠤᠳᠤᠷᠢᠳᠤᠯᠭ᠎ᠠ᠄ ᠶᠢᠦ | ᠵᠢᠶᠦ᠋ᠨ︔ ᠲᠦᠷᠦᠭᠦᠯᠡᠬᠦ ᠨᠢᠭᠡᠴᠢ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ | ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ᠃ ᠡᠯ᠎ᠡ | ᠰᠤᠮᠤ ᠪᠠᠯᠭᠠᠰᠤ ᠲᠠᠯᠠᠪᠤᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠲᠣᠭᠤᠷᠢᠭ ᠤᠨ ᠵᠠᠰᠠᠭ ᠤᠨ | ᠣᠷᠳᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠶᠢᠨ ᠬᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠭᠤᠣᠯ ᠬᠠᠷᠢᠭᠤᠴᠠᠯᠭᠠᠲᠠᠨ ᠨᠥᠬᠦᠳ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠨ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠨ᠂ ᠦᠨᠳᠦᠰᠦᠨ | ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠲᠦᠯᠬᠢᠨ ᠠᠬᠢᠭᠤᠯᠵᠤ᠂ ᠲᠦᠷᠦᠭᠦᠯᠡᠨ ᠨᠢᠭᠡᠳᠦᠭᠡᠷ | ᠹᠷᠣᠨᠲ ᠲᠤ ᠬᠦᠷᠴᠦ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠲᠣᠭᠤᠷᠢᠭ ᠤᠨ ᠲᠡᠰ ᠳᠠᠪᠬᠤᠷᠭ᠎ᠠ ᠶᠢᠨ ᠪᠠᠴᠢᠮ | ᠰᠢᠢᠳᠪᠦᠷᠢᠯᠡᠬᠦ ᠴᠢᠬᠤᠯᠠᠲᠠᠢ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠲᠠᠢ᠂ ᠲᠦᠭᠵᠢᠷᠡᠯ ᠲᠠᠢ ᠠᠰᠠᠭᠤᠳᠠᠯ ᠢ ᠴᠠᠭ | ᠲᠤᠬᠠᠢ ᠲᠤᠨᠢ ᠴᠤᠭᠯᠠᠭᠤᠯᠤᠨ ᠬᠤᠷᠢᠶᠠᠩᠭᠤᠶᠢᠯᠠᠬᠤ ᠶᠢᠨ ᠬᠠᠮᠲᠤ ᠲᠣᠰ ᠨᠢᠭᠡᠴᠢ ᠶᠢᠨ ᠢᠶᠠᠨ ᠠᠵᠢᠯ ᠲᠥᠷᠥᠯ ᠤᠨ | ᠰᠢᠰᠲ᠋ᠧᠮ ᠲᠠᠢ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤ | ᠬᠠᠷᠢᠭᠤ ᠮᠡᠳᠡᠭᠦᠯᠬᠦ ᠬᠡᠷᠡᠭᠲᠡᠢ᠃ | ︵ᠬᠤᠶᠠᠷ︶ ᠡᠭᠦᠷᠭᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠲᠤᠰᠬᠠᠢ | ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠦᠷᠦᠭᠦᠯᠡᠬᠦ ᠨᠢᠭᠡᠴᠢ ᠨᠦᠭᠦᠳ ᠳᠠᠷᠤᠶᠢᠬᠠᠨ ᠲᠤᠰᠬᠠᠢ | ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠭᠦᠷᠭᠡ ᠲᠠᠢ ᠬᠠᠷᠢᠴᠠᠭᠤᠯᠤᠨ ᠪᠣᠳᠠᠲᠠᠢ ᠬᠡᠷᠡᠭᠵᠢᠭᠦᠯᠬᠦ ᠲᠥᠰᠥᠯ | ᠲᠣᠭᠲᠠᠭᠠᠵᠤ᠂ ᠬᠠᠷᠠᠯᠲᠠ ᠶᠢᠨ ᠡᠭᠦᠷᠭᠡ᠂ ᠠᠵᠢᠯ ᠤᠨ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠤᠨ ᠬᠢᠵᠠᠭᠠᠷ ᠪᠠ | ᠰᠢᠯᠭᠠᠨ ᠬᠢᠨᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ︽ᠲᠠᠪᠤᠨ ᠨᠢᠭᠡ︾ ᠶᠢᠨ ᠠᠵᠢᠯ ᠤᠨ ᠲᠣᠭᠲᠠᠴᠠ ︵ᠨᠢᠭᠡ | ᠡᠭᠦᠷᠭᠡ᠂ ᠨᠢᠭᠡ ᠤᠳᠤᠷᠢᠳᠤᠯᠭ᠎ᠠ᠂ ᠨᠢᠭᠡ ᠪᠦᠯᠬᠦᠮ᠂ ᠨᠢᠭᠡ ᠵᠢᠷᠤᠭ ᠬᠦᠰᠦᠨᠦᠭᠲᠦ᠂ ᠨᠢᠭᠡ ᠶᠢ ᠡᠴᠦᠰ ᠲᠤᠨᠢ | ᠲᠤᠯᠲᠠᠯ᠎ᠠ ᠠᠳᠬᠤᠨ᠎ᠠ︶ ᠶᠢ ᠪᠠᠶᠢᠭᠤᠯᠵᠤ᠂ ᠪᠠᠶᠢᠷᠢᠯᠠᠭᠤᠯᠤᠯᠲᠠ ᠨᠢᠭᠡᠪᠦᠷᠢ᠂ ᠠᠵᠢᠯ ᠨᠢᠭᠡᠪᠦᠷᠢ᠂ ᠭᠤᠭᠴᠤᠭ᠎ᠠ | ᠨᠢᠭᠡᠪᠦᠷᠢ᠂ ᠬᠤᠳᠠᠯᠳᠤᠭᠠᠴᠢᠨ ᠡᠷᠦᠬᠡ ᠪᠦᠷᠢ ᠶᠢᠨ ᠣᠷᠣᠨ ᠪᠠᠶᠢᠷᠢ ᠶᠢ ᠲᠣᠭᠲᠠᠭᠠᠵᠤ᠂ ᠠᠳᠬᠤᠬᠤ ᠬᠥᠮᠥᠨ ᠲᠠᠢ᠂ | ᠬᠠᠮᠢᠶᠠᠷᠬᠤ ᠬᠥᠮᠥᠨ ᠲᠠᠢ᠂ ᠬᠢᠬᠦ ᠬᠥᠮᠥᠨ ᠲᠠᠢ᠂ ᠬᠠᠷᠢᠭᠤᠴᠠᠬᠤ ᠬᠥᠮᠥᠨ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠲᠦᠷᠦᠭᠦᠯᠡᠨ ᠬᠢᠬᠦ ᠨᠢᠭᠡᠴᠢ ᠨᠢ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ | ᠵᠣᠷᠢᠭᠲᠠᠢ ᠪᠠᠷ ᠡᠭᠦᠷᠭᠡᠯᠡᠨ᠂ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠨᠢᠭᠡᠴᠢ ᠯᠦᠭᠡ | ᠬᠠᠮᠵᠢᠯᠴᠠᠨ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠲᠦᠷᠦᠭᠦᠯᠡᠨ ᠬᠢᠬᠦ ᠨᠢᠭᠡᠴᠢ ᠯᠦᠭᠡ ᠨᠢᠭᠡ ᠰᠡᠳᠬᠢᠯ ᠨᠢᠭᠡ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠴᠢᠩᠭ᠎ᠠ ᠬᠢᠨᠠᠨ ᠰᠢᠯᠭᠠᠨ᠎ᠠ᠃ | ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠨᠢ | ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠰᠠᠶᠢᠲᠤᠷ ᠬᠢᠵᠦ᠂ ︽ᠳᠥᠷᠪᠡᠨ ᠦᠭᠡᠢ ᠬᠤᠶᠠᠷ | ᠰᠢᠭᠤᠳ︾ ᠤᠨ ᠷᠭᠠ ᠮᠠᠶ᠋ᠢᠭ ᠢ ᠠᠪᠴᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠪᠥᠬᠦ ᠲᠠᠯ᠎ᠠ ᠪᠠᠷ᠂ ᠣᠯᠠᠨ | ᠬᠠᠷᠠᠭᠠᠰᠤ ᠠᠴᠠ᠂ ᠣᠶᠢᠷ᠎ᠠ ᠵᠠᠢ ᠲᠠᠢ᠂ ᠠᠬᠢᠴᠠ ᠶᠢ ᠰᠢᠮᠳᠠᠭᠤᠯᠤᠨ᠂ ᠦᠷ᠎ᠡ ᠪᠦᠲᠦᠮᠵᠢ ᠶᠢ ᠰᠢᠮᠳᠠᠭᠤᠯᠤᠨ᠂ | ᠦᠷ᠎ᠡ ᠳ᠋ᠦᠩ ᠢ ᠰᠢᠮᠳᠠᠭᠤᠯᠬᠤ ᠬᠡᠷᠡᠭᠲᠡᠢ᠃ ︽ᠭᠤᠷᠪᠠᠨ ᠲᠠᠩᠰᠠ ᠨᠢᠭᠡ ᠵᠠᠬᠢᠳᠠᠯ︾ ᠤᠨ ᠲᠣᠭᠲᠠᠴᠠ ᠶᠢ | ᠰᠠᠶᠢᠲᠤᠷ ᠬᠡᠷᠡᠭᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠵᠤ᠂ ᠨᠡᠩ ᠪᠣᠳᠠᠲᠠᠢ ᠰᠤᠷᠲᠠᠯ᠂ ᠨᠡᠩ | ᠴᠢᠩᠭ᠎ᠠ ᠱᠠᠭᠠᠷᠳᠠᠯᠭ᠎ᠠ᠂ ᠨᠡᠩ ᠥᠨᠳᠥᠷ ᠦᠷ᠎ᠡ ᠪᠦᠲᠦᠮᠵᠢ ᠪᠠᠷ ᠲᠤᠰᠬᠠᠢ ᠲᠦᠷᠦᠯ ᠤᠨ ᠪᠣᠭᠤᠮᠲᠠ ᠰᠢᠪᠲᠤᠯᠬᠤ | ᠠᠵᠢᠯᠯᠠᠭ᠎ᠠ ᠶᠢᠨ ᠪᠣᠳᠠᠲᠠᠢ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | | |