ᠬᠤᠷᠴᠢᠨ ᠲᠣᠭᠤᠷᠢᠭ᠄ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠨ᠎ᠠ
ᠨᠡᠶᠢᠲᠡᠯᠡᠭᠰᠡᠨ ᠴᠠᠭ᠄
2024/3/8
     2023 ᠣᠨ ᠳᠤ᠂ ᠬᠤᠷᠴᠢᠨ ᠲᠣᠭᠤᠷᠢᠭ ᠤᠨ ᠬᠢᠨ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠠᠯᠠᠰᠢᠨ ᠦᠬᠡᠷ᠂ ᠰᠣᠶᠣᠯ ᠤᠨ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠵᠡᠷᠭᠡ ᠬᠦᠷᠢᠶᠡᠨ ᠳᠠᠬᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ ᠨᠡᠶᠢᠲᠡᠯᠡᠵᠦ᠂ 15.22 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠰᠢᠨ᠎ᠡ ᠪᠠᠷ ᠨᠡᠮᠡᠭᠳᠡᠭᠦᠯᠪᠡ᠃ ᠡᠭᠦᠨ ᠤ ᠵᠡᠷᠭᠡ ᠳᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠪᠥᠬᠦ ᠬᠦᠴᠦᠨ ᠢᠶᠠᠷ ᠳᠡᠮᠵᠢᠵᠦ᠂ 7105 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠠᠷᠢᠯᠢᠭ ᠣᠨᠣᠴᠠᠲᠠᠢ ᠪᠠᠷ ᠬᠥᠭᠵᠢᠭᠡᠨ᠂ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 350.67 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ ᠪᠣᠯᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号