ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠥᠬᠦ | ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠡᠶᠢᠭᠡᠮ ᠤᠨ | ᠡᠷᠡᠭᠦᠯ ᠮᠡᠨᠳᠦ ᠶᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠴᠡᠪᠡᠷ ᠲᠡᠭᠰᠢ᠂ ᠣᠷᠣᠰᠢᠨ | ᠰᠠᠭᠤᠬᠤ ᠳᠤ ᠲᠠᠭᠠᠯᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠬᠤᠲᠠ ᠶᠢᠨ ᠵᠠᠰᠠᠭ ᠤᠨ | ᠣᠷᠳᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ︽ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ | ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ | ᠮᠥᠴᠢᠷ ᠠᠯᠤᠰᠯᠠᠨ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠳᠠᠶᠢᠴᠢᠯᠠᠬᠤ᠂ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠬᠠᠤᠯᠢ ᠶᠣᠰᠣᠭᠠᠷ ᠰᠢᠨᠵᠢᠯᠡᠬᠦ | ᠤᠬᠠᠭᠠᠨᠴᠢ ᠪᠠᠷ ᠵᠠᠰᠠᠬᠤ᠂ ᠪᠦᠬᠦ ᠠᠷᠠᠳ ᠢᠶᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠠᠵᠢᠯ ᠤᠨ | ᠴᠢᠭᠯᠡᠯᠲᠡ ᠶᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠯᠢᠳᠡᠭ | ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠠᠵᠢᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠠᠵᠢᠯ ᠤᠨ | ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠶᠡᠷᠦᠩᠬᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠪᠣᠯᠪᠠᠰᠤᠨ ᠡᠷᠡᠭᠦᠯ ᠪᠣᠬᠢᠷᠲᠤᠯ ᠦᠭᠡᠢ ᠣᠷᠴᠢᠨ ᠲᠣᠭᠤᠷᠢᠨ ᠢ | ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠣᠯᠠᠨ ᠲᠦᠮᠡᠨ ᠢ ᠳᠠᠶᠢᠴᠢᠯᠠᠨ | ᠣᠷᠣᠯᠴᠠᠭᠤᠯᠬᠤ ᠪᠠᠷ ᠠᠷᠭ᠎ᠠ ᠵᠠᠮ ᠪᠣᠯᠭᠠᠵᠤ᠂ ᠡᠷᠡᠭᠦᠯ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ | ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠨ᠎ᠠ᠃ ᠬᠤᠲᠠ ᠬᠥᠳᠡᠭᠡ ᠶᠢᠨ ᠠᠭᠤᠯᠵᠠᠷ ᠬᠡᠰᠡᠭ ᠢᠶᠠᠷ ᠭᠤᠣᠯᠳᠠᠯᠭ᠎ᠠ | ᠪᠣᠯᠭᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ ᠣᠷᠴᠢᠨ | ᠲᠣᠭᠤᠷᠢᠨ ᠢ ᠢᠳᠡᠪᠬᠢᠲᠡᠢ ᠪᠠᠷ ᠥᠭᠡᠷᠡᠴᠢᠯᠡᠨ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠥᠬᠡ ᠣᠭᠲᠠᠷᠭᠤᠢ᠂ ᠬᠥᠬᠡᠮᠳᠦᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠦᠷᠭᠦᠯᠵᠢᠯᠡᠨ ᠰᠠᠶᠢᠲᠤᠷ ᠬᠢᠵᠦ᠂ ᠬᠤᠲᠠ ᠬᠥᠳᠡᠭᠡ ᠶᠢᠨ ᠬᠤᠭ ᠨᠣᠪᠰᠢ | ᠪᠠ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠪᠡᠳᠴᠢᠨ ᠤ ᠵᠠᠭᠤᠴᠢ ᠠᠮᠢᠳᠤ ᠪᠣᠳᠠᠰ ᠢ | ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠷᠡᠭᠦᠯ ᠰᠠᠷᠠᠭᠤᠯ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠲᠦᠭᠡᠨ ᠪᠠᠶᠢᠭᠤᠯᠤᠨ᠎ᠠ᠃ | ᠭᠤᠷᠪᠠ᠂ ᠭᠤᠣᠯ ᠡᠭᠦᠷᠭᠡ | 12 ᠲᠥᠷᠥᠯ ᠵᠦᠢᠯ ᠤᠨ ᠲᠤᠰᠬᠠᠢ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠡᠭᠦᠨ ᠳᠤ | ᠥᠷᠯᠥᠭᠡ᠂ ᠰᠥᠨᠢ ᠶᠢᠨ ᠵᠠᠬ᠎ᠠ ᠳᠡᠯᠭᠡᠭᠦᠷ ᠪᠠ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠵᠢᠷᠤᠮᠵᠢᠭᠤᠯᠬᠤ | ᠲᠤᠰᠬᠠᠢ ᠠᠵᠢᠯᠯᠠᠭ᠎ᠠ ᠶᠢ ᠪᠠᠭᠲᠠᠭᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ ᠶᠢ | ᠴᠡᠭᠴᠡᠯᠡᠨ ᠵᠠᠰᠠᠬᠤ ᠲᠤᠰᠬᠠᠢ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ᠂ ᠣᠯᠠᠨ ᠨᠡᠶᠢᠲᠡ ᠶᠢᠨ ᠲᠠᠯᠠᠪᠤᠷ ᠤᠨ | ︽ᠳᠥᠷᠪᠡᠨ ᠵᠢᠵᠢᠭ︾ ᠠᠵᠢᠯ ᠲᠥᠷᠥᠯ ᠤᠨ ᠲᠤᠰᠬᠠᠢ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ᠂ ᠲᠡᠷᠭᠡ | ᠬᠥᠰᠬᠡ ᠲᠠᠯᠪᠢᠬᠤ ᠲᠤᠰᠬᠠᠢ ᠵᠦᠢᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠬᠤᠲᠠ ᠬᠥᠳᠡᠭᠡ ᠶᠢᠨ ᠠᠭᠤᠯᠵᠠᠷ | ᠬᠡᠰᠡᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ᠂ ᠠᠮᠢᠳᠤᠷᠠᠯ ᠤᠨ ᠬᠤᠭ ᠨᠣᠪᠰᠢ ᠶᠢᠨ ᠳᠠᠮᠵᠢᠭᠤᠯᠬᠤ | ᠥᠷᠲᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠡᠭᠦᠯᠳᠡᠷᠵᠢᠭᠦᠯᠵᠦ᠂ ᠪᠠᠷᠢᠯᠭ᠎ᠠ᠂ ᠬᠤᠭᠤᠯᠠᠨ ᠭᠡᠷ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯᠯᠠᠭ᠎ᠠ᠂ | ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ᠵᠢᠷᠤᠮᠵᠢᠭᠤᠯᠤᠨ ᠬᠠᠮᠢᠶᠠᠷᠬᠤ ᠲᠤᠰᠬᠠᠢ ᠵᠦᠢᠯ ᠤᠨ ᠪᠣᠭᠤᠮᠲᠠ | ᠰᠢᠪᠲᠤᠯᠬᠤ ᠠᠵᠢᠯᠯᠠᠭ᠎ᠠ᠂ ᠵᠣᠷᠯᠣᠩ ᠤᠨ ᠬᠤᠪᠢᠰᠬᠠᠯ ᠤᠨ ᠲᠤᠰᠬᠠᠢ ᠵᠦᠢᠯ ᠤᠨ ᠠᠵᠢᠯᠯᠠᠭ᠎ᠠ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠰᠬᠠᠢ ᠵᠦᠢᠯ ᠤᠨ ᠠᠵᠢᠯᠯᠠᠭ᠎ᠠ᠂ | ᠢᠳᠡᠭᠡᠨ ᠤ ︽ᠭᠤᠷᠪᠠᠨ ᠵᠢᠵᠢᠭ︾ ᠤᠨ ᠠᠵᠢᠯ ᠲᠥᠷᠥᠯ ᠤᠨ ᠲᠤᠰᠬᠠᠢ ᠵᠦᠢᠯ ᠤᠨ ᠠᠵᠢᠯᠯᠠᠭ᠎ᠠ᠂ ᠳᠠᠬᠢᠯᠲᠠ ᠡᠬᠢ | ᠪᠠᠶᠠᠯᠢᠭ ᠢ ᠪᠤᠴᠠᠭᠠᠨ ᠬᠤᠷᠢᠶᠠᠬᠤ ᠥᠷᠲᠡᠭᠡ ᠶᠢ ᠴᠡᠭᠴᠡᠯᠡᠨ ᠵᠠᠰᠠᠬᠤ ᠲᠤᠰᠬᠠᠢ ᠵᠦᠢᠯ ᠤᠨ ᠠᠵᠢᠯᠯᠠᠭ᠎ᠠ ᠶᠢ | ᠲᠡᠭᠦᠯᠳᠡᠷᠵᠢᠭᠦᠯᠦᠨ᠎ᠡ᠃ | ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ | ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ︔ ᠡᠭᠦᠷᠭᠡ ᠶᠢ | ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ ᠰᠢᠮᠳᠠᠭᠤᠯᠤᠨ ᠪᠠᠶᠢᠴᠠᠭᠠᠬᠤ᠂ ᠴᠢᠩᠭ᠎ᠠ ᠬᠢᠨᠠᠨ | ᠰᠢᠯᠭᠠᠬᠤ ᠶᠢ ᠨᠠᠶᠢᠳᠠᠪᠤᠷᠢᠵᠢᠭᠤᠯᠤᠨ᠎ᠠ᠃ | | | |