ᠬᠤᠷᠴᠢᠨ ᠲᠣᠭᠤᠷᠢᠭ᠄ ᠡᠯᠡᠰᠦᠷᠬᠡᠭ ᠭᠠᠵᠠᠷ ᠢ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/1
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠨᠢ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠠᠬᠢᠭᠤᠯᠵᠤ᠂ ᠡᠯᠡᠰᠦᠷᠬᠡᠭ ᠭᠠᠵᠠᠷ ᠢ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠡᠮᠬᠢ ᠳᠢᠭᠯᠢᠮ ᠲᠠᠢ ᠥᠷᠨᠢᠭᠦᠯᠵᠡᠢ᠃ ᠬᠤᠷᠴᠢᠨ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠮᠧᠬᠠᠨᠢᠭ ᠢᠶᠠᠷ ᠡᠯᠡᠰᠦ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯᠡᠰᠦ ᠶᠢ ᠵᠠᠰᠠᠬᠤ ᠦᠷ᠎ᠡ ᠪᠦᠲᠦᠮᠵᠢ ᠪᠠᠨ ᠭᠦᠢᠴᠡᠳ ᠳᠡᠭᠡᠭᠰᠢᠯᠡᠭᠦᠯᠪᠡ︔ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠵᠤᠯᠵᠠᠭ᠎ᠠ ᠮᠣᠳᠣᠨ ᠤ ᠬᠦᠷᠢᠶᠡᠯᠡᠩ ᠢ ᠢᠯᠡᠭᠦᠬᠡᠨ ᠪᠠᠶᠢᠭᠤᠯᠵᠤ᠂ ᠵᠤᠯᠵᠠᠭ᠎ᠠ ᠮᠣᠳᠣ ᠶᠢ ᠢᠯᠡᠭᠦᠬᠡᠨ ᠪᠣᠶᠢᠵᠢᠭᠤᠯᠬᠤ ᠶᠢ ᠪᠠᠷᠢᠮᠲᠠᠯᠠᠨ᠂ ᠨᠠᠷᠢᠯᠢᠭ ᠪᠤᠳᠤᠵᠤ ᠮᠠᠲ᠋ᠧᠷᠢᠶᠠᠯ ᠰᠣᠩᠭᠤᠨ ᠬᠡᠷᠡᠭᠯᠡᠵᠦ᠂ ᠡᠯᠡᠰᠦ ᠶᠢ ᠵᠠᠰᠠᠬᠤ ᠥᠪᠡᠷ ᠤᠨ ᠥᠷᠲᠡᠭ ᠢ ᠪᠥᠬᠦ ᠬᠦᠴᠦᠨ ᠢᠶᠠᠷ ᠬᠢᠵᠠᠭᠠᠷᠯᠠᠨ᠎ᠠ︔ ᠤᠢ ᠰᠢᠭᠤᠢ ᠵᠢᠮᠢᠰ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠨ᠎ᠠ; ᠪᠠᠶᠢᠭᠤᠯᠤᠯ ᠲᠣᠭᠲᠠᠴᠠ ᠶᠢ ᠰᠢᠯᠤᠭᠤᠳᠬᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠤᠪᠢᠶᠠᠷᠢᠯᠠᠬᠤ᠂ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠣᠯᠭᠤᠬᠤ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠭᠠᠵᠠᠷ ᠰᠢᠷᠣᠢ ᠶᠢ ᠳᠠᠭᠠᠭᠠᠴᠢᠯᠠᠭᠰᠠᠨ ᠨᠢᠭᠡᠴᠢ ᠪᠠ ᠬᠤᠪᠢ ᠬᠥᠮᠥᠨ ᠤ ᠬᠠᠮᠠᠭᠠᠯᠠᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠡᠳᠡᠨ ᠤ ᠰᠠᠨᠠᠭᠠᠴᠢᠯᠠᠭ᠎ᠠ ᠲᠠᠢ ᠪᠠᠷ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠳᠤ ᠢᠳᠡᠪᠬᠢᠲᠡᠢ ᠣᠷᠣᠯᠴᠠᠬᠤ ᠶᠢ ᠲᠠᠶᠢᠴᠢᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号