ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ | ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠳᠡ ᠦᠭᠡᠢ ᠪᠦᠷᠢᠨᠰᠢᠭᠦᠯᠵᠦ᠂ ᠲᠣᠣᠷᠵᠢᠭᠤᠯᠤᠭᠰᠠᠨ | ᠬᠢᠨᠠᠨ ᠬᠡᠮᠵᠢᠬᠦ ᠪᠠ ᠰᠠᠯᠠᠭ᠎ᠠ ᠮᠥᠴᠢᠷ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠴᠢᠨᠠᠭᠰᠢᠳᠠ ᠰᠢᠯᠢᠳᠡᠭᠵᠢᠭᠦᠯᠵᠦ᠂ ᠲᠦᠷᠦᠯ ᠬᠤᠪᠢᠶᠠᠨ ᠬᠠᠪᠰᠤᠷᠤᠨ ᠲᠡᠳᠬᠦᠬᠦ ᠪᠠ ᠤᠨᠢᠨ ᠳᠡᠭᠡᠷ᠎ᠡ ᠨᠢ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ ᠥᠷᠭᠡᠳᠬᠡᠬᠦ ᠪᠠᠷ ᠬᠦᠴᠦᠯᠡᠨ ᠴᠢᠷᠮᠠᠶᠢᠪᠠ᠃ ᠬᠤᠷᠴᠢᠨ | ᠲᠣᠭᠤᠷᠢᠭ ᠤᠨ ᠬᠢᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢᠨ ᠲᠣᠭᠲᠠᠴᠠ᠂ ᠦᠨᠳᠦᠰᠦᠨ ᠡᠮᠴᠢᠯᠡᠭᠡᠨ ᠤ ᠬᠠᠷᠠᠭᠠᠯᠵᠠᠯ ᠤᠨ ᠪᠠᠲᠤᠯᠠᠭ᠎ᠠ ᠪᠠ ᠡᠮᠴᠢᠯᠡᠭᠡᠨ ᠤ | ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠵᠢᠴᠢ ᠬᠥᠳᠡᠭᠡ ᠲᠣᠰᠬᠤᠨ ᠤ | ᠣᠷᠣᠨ ᠰᠠᠭᠤᠴᠠ ᠶᠢᠨ ᠠᠮᠤᠷ ᠲᠦᠪᠰᠢᠨ ᠤ ᠬᠥᠳᠡᠯᠦᠩᠭᠦᠢ ᠬᠢᠨᠠᠨ ᠬᠡᠮᠵᠢᠬᠦ ᠲᠣᠭᠲᠠᠴᠠ᠂ ᠬᠥᠳᠡᠭᠡ ᠲᠣᠰᠬᠤᠨ ᠤ | ᠤᠰᠤ ᠬᠠᠩᠭᠠᠬᠤ ᠠᠰᠠᠭᠤᠳᠠᠯ ᠢ ᠲᠦᠷᠭᠡᠨ ᠢᠯᠡᠷᠡᠭᠦᠯᠬᠦ ᠪᠠ ᠳᠠᠭᠠᠬᠤ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ | ᠲᠡᠭᠦᠯᠳᠡᠷᠵᠢᠭᠦᠯᠵᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ | ᠪᠦᠲᠦᠮᠵᠢ ᠶᠢ ᠯᠠᠪᠳᠠᠭᠤᠨ ᠪᠠᠲᠤᠲᠠᠢ ᠪᠠᠷ ᠳᠡᠭᠡᠭᠰᠢᠯᠡᠭᠦᠯᠦᠨ᠎ᠡ︔ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠨᠡᠶᠢᠳᠬᠡᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ | ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | |