ᠬᠤᠷᠴᠢᠨ ᠲᠣᠭᠤᠷᠢᠭ᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ
ᠨᠡᠶᠢᠲᠡᠯᠡᠭᠰᠡᠨ ᠴᠠᠭ᠄
2024/4/12
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠵᠦ᠂ ᠡᠯ᠎ᠡ ᠭᠤᠭᠴᠤᠭ᠎ᠠ ᠠᠴᠠ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠠᠷᠪᠢᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠢ᠃ ᠬᠤᠷᠴᠢᠨ ᠲᠣᠭᠤᠷᠢᠭ ᠤᠨ ᠬᠢᠨ ᠲᠣᠭᠲᠠᠭᠠᠯ ᠳᠡᠭᠡᠷᠡᠬᠢ ᠠᠵᠤ ᠠᠬᠤᠶᠢᠯᠠᠯ ᠤᠨ ᠬᠠᠪᠰᠤᠷᠤᠨ ᠲᠡᠳᠬᠦᠵᠦ ᠬᠤᠯᠪᠣᠭ᠎ᠠ ᠠᠪᠬᠤ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠦᠷᠢᠶᠡᠯᠡᠩ ᠲᠣᠭᠤᠷᠢᠭ ᠤᠨ ᠭᠤᠷᠪᠠᠨ ᠱᠠᠲᠤᠨ ᠤ ᠴᠤᠤᠷᠢᠶᠠᠲᠤᠨ ᠳᠠᠭᠠᠬᠤ ᠲᠣᠭᠲᠠᠴᠠ ᠲᠠᠢ ᠤᠶᠠᠯᠳᠤᠭᠤᠯᠵᠤ᠂ ᠬᠡᠷᠡᠭ ᠡᠷᠬᠢᠯᠡᠬᠦ ᠶᠠᠪᠤᠴᠠ ᠶᠢ ᠳᠥᠭᠦᠮᠴᠢᠯᠡᠵᠦ᠂ ᠴᠠᠭ ᠲᠤᠬᠠᠢ ᠳᠤᠨᠢ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠪᠡ︔ ᠦᠯᠡᠳᠡᠭᠡᠯ ᠭᠠᠵᠠᠷ ᠰᠢᠷᠣᠢ ᠪᠣᠯᠣᠨ ᠳᠣᠣᠷ᠎ᠠ ᠠᠰᠢᠭᠯᠠᠮᠵᠢᠲᠤ ᠭᠠᠵᠠᠷ ᠰᠢᠷᠣᠢ ᠶᠢ ᠢᠳᠡᠪᠬᠢᠲᠡᠢ ᠪᠠᠷ ᠴᠢᠯᠦᠭᠡᠲᠡᠢ ᠪᠣᠯᠭᠠᠵᠤ᠂ ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠰᠢᠷᠣᠢ ᠶᠢ ᠡᠷᠴᠢᠮᠵᠢᠭᠦᠯᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠵᠠᠮ᠂ ᠬᠤᠭᠤᠯᠠᠢ ᠲᠣᠣᠷ᠂ ᠤᠰᠤ ᠴᠠᠬᠢᠯᠭᠠᠨ ᠬᠡᠢ ᠳᠤᠯᠠᠭᠠᠯᠠᠭ᠎ᠠ᠂ ᠠᠮᠢᠳᠤᠷᠠᠯ ᠤᠨ ᠲᠣᠭᠤᠷᠢᠭ ᠵᠡᠷᠭᠡ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号