ᠬᠤᠷᠴᠢᠨ ᠲᠣᠭᠤᠷᠢᠭ᠄ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠦᠷᠭᠦᠯᠵᠢᠯᠡᠭᠰᠡᠨ ᠬᠡᠯᠬᠢᠶᠡᠵᠢᠯ ᠤᠨ ᠰᠦᠷᠦᠭᠵᠢᠯ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/4/15
      ᠡᠨᠡ ᠵᠢᠯ᠂ ᠬᠤᠷᠴᠢᠨ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠦᠷᠭᠡᠨ ᠬᠥᠭᠵᠢᠯᠲᠡ ᠶᠢ ᠬᠦᠴᠦᠯᠡᠨ ᠠᠬᠢᠭᠤᠯᠪᠠ᠃ ᠯᠦᠩ ᠮᠠ ᠪᠦᠯᠦᠭᠯᠡᠯ ᠨᠢ ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠣ︶ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ ᠬᠡᠯᠬᠢᠶᠡᠨ ᠤ ᠭᠤᠣᠯ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠨᠢᠭᠡᠨᠲᠡ ᠳᠡᠭᠡᠳᠦ ᠳᠣᠣᠷᠠᠳᠤ ᠤᠷᠤᠰᠬᠠᠯ ᠤᠨ ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠰᠢᠯᠢᠳᠡᠭ ᠬᠡᠯᠬᠢᠶᠡᠨ ᠤ ᠠᠵᠤ ᠠᠬᠤᠶᠢᠯᠠᠯ ᠢ 10 ᠭᠠᠷᠤᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠰᠠᠭᠤᠷᠢᠨ ᠭᠠᠵᠠᠷ ᠲᠤ ᠡᠷᠴᠢᠮᠵᠢᠭᠦᠯᠦᠭᠰᠡᠨ ᠲᠥᠪᠯᠡᠷᠡᠯ ᠤᠨ ᠪᠠᠶᠢᠳᠠᠯ ᠢᠯᠡᠷᠡᠵᠦ᠂ ᠷᠦᠢ ᠰᠢᠶᠠᠩ ᠰᠤᠪᠤᠷᠭ᠎ᠠ᠂ ᠱᠤᠸᠠᠩ ᠷᠦᠢ ᠢᠯᠲᠠᠰᠤ᠂ ᠶᠢᠨ ᠹᠧᠩ ᠭᠤᠣᠯ ᠮᠠᠰᠢᠨ ᠵᠡᠷᠭᠡ ᠦᠢᠯᠡᠳᠬᠦᠨ ᠢ ᠠᠮᠵᠢᠯᠲᠠ ᠲᠠᠢ ᠪᠠᠷ ᠦᠢᠯᠡᠳᠪᠦᠷᠢᠯᠡᠯ ᠠᠴᠠ ᠪᠠᠭᠤᠯᠭᠠᠪᠠ︔ 20 ᠲᠦᠮᠡᠨ ᠲᠣᠨ ᠹᠠᠯᠠᠨ ᠪᠠᠶᠢᠭᠤᠯᠬᠤ ᠲᠥᠯᠥᠪᠯᠡᠭᠡ ᠶᠢ ᠠᠰᠢᠭᠯᠠᠯᠲᠠ ᠳᠤ ᠣᠷᠣᠭᠤᠯᠬᠤ ᠨᠥᠬᠦᠴᠡᠯ ᠳᠤ ᠬᠦᠷᠭᠡᠵᠦ᠂ 200 ᠲᠦᠮᠡᠨ ᠲᠣᠨ ᠳᠠᠪᠲᠠᠨ ᠦᠢᠯᠡᠳᠬᠦ ᠵᠦᠢᠯᠡᠰ ᠢ ᠪᠠᠶᠢᠭᠤᠯᠵᠤ ᠳᠠᠭᠤᠰᠬᠠᠭᠠᠳ ᠦᠢᠯᠡᠳᠪᠦᠷᠢᠯᠡᠯ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠡᠭᠦᠨ ᠤ ᠵᠡᠷᠭᠡᠪᠡᠷ᠂ 116 ᠲᠦᠮᠡᠨ ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠬᠤ ᠪᠠᠷ ᠲᠥᠯᠥᠪᠯᠡᠵᠦ᠂ ᠪᠦᠬᠦ ᠲᠦᠷᠦᠯ ᠵᠦᠢᠯ ᠢ 2025 ᠣᠨ ᠳᠤ ᠪᠠᠶᠢᠭᠤᠯᠵᠤ ᠳᠠᠭᠤᠰᠬᠠᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号