4 ᠰᠠᠷ᠎ᠠ ᠶᠢᠨ 15 ᠤ ᠡᠳᠦᠷ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ 96 ᠳ᠋ᠤᠭᠠᠷ | ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠦᠵᠡᠯ | ᠰᠠᠨᠠᠭ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ | ︽ᠪᠦᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ | ᠤᠯᠠᠮᠵᠢᠯᠠᠨ ᠰᠤᠷᠤᠯᠴᠠᠵᠤ᠂ ᠪᠦᠬᠦ ᠲᠣᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠠᠵᠢᠯ ᠢ ᠥᠷᠨᠢᠭᠦᠯᠬᠦ ᠶᠢ ᠰᠤᠳᠤᠯᠤᠨ ᠪᠠᠶᠢᠷᠢᠯᠠᠭᠤᠯᠵᠠᠢ᠃ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ | ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠰᠢᠤᠸᠠᠢ ᠬᠤᠩ ᠭᠦᠸᠧ ᠬᠤᠷᠠᠯ ᠢ ᠡᠷᠬᠢᠯᠡᠪᠡ᠃ |