ᠬᠤᠷᠴᠢᠨ ᠲᠣᠭᠤᠷᠢᠭ᠄ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠨᠥᠭᠡᠴᠡ ᠬᠦᠴᠦᠨ ᠢ ᠬᠤᠷᠠᠮᠳᠤᠭᠤᠯᠤᠨ᠎ᠠ
ᠨᠡᠶᠢᠲᠡᠯᠡᠭᠰᠡᠨ ᠴᠠᠭ᠄
2024/4/16
      ᠡᠨᠡ ᠵᠢᠯ᠂ ᠬᠤᠷᠴᠢᠨ ᠲᠣᠭᠤᠷᠢᠭ ᠤᠨ ᠬᠢᠨ ᠠᠵᠤ ᠦᠢᠯᠡᠰ ᠤᠨ ᠰᠠᠭᠤᠷᠢ ᠪᠣᠯᠣᠨ ᠣᠨᠴᠠᠯᠢᠭᠲᠤ ᠳᠠᠪᠠᠭᠤᠯᠢᠭ ᠲᠤ ᠪᠠᠨ ᠰᠠᠭᠤᠷᠢᠯᠠᠵᠤ᠂ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ︽ᠲᠦᠷᠦᠯ ᠵᠦᠢᠯ ᠢᠶᠠᠷ ᠭᠤᠣᠯ ᠪᠣᠯᠭᠠᠵᠤ᠂ ᠠᠷᠠᠯᠵᠢᠶᠠᠴᠢᠨ ᠤᠷᠢᠬᠤ ᠪᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠪᠠᠬᠢᠵᠢᠭᠦᠯᠬᠦ ᠶᠢ ᠲᠦᠷᠭᠡᠳᠬᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠢ ᠬᠤᠷᠠᠮᠳᠤᠭᠤᠯᠤᠨ ᠡᠨᠧᠷᠭᠢ ᠶᠢ ᠨᠥᠭᠡᠴᠡᠯᠡᠵᠦ ᠥᠭᠴᠡᠢ᠃ ᠨᠢᠭᠡᠳᠦᠭᠡᠷ ᠤᠯᠠᠷᠢᠯ ᠳᠤ᠂ ᠬᠤᠷᠴᠢᠨ ᠲᠣᠭᠤᠷᠢᠭ ᠤᠨ ᠬᠢᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠳᠤ ᠨᠡᠶᠢᠲᠡ 36 ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠶᠡᠷᠦᠩᠬᠡᠢ ᠲᠤᠭ᠎ᠠ ᠨᠢ 167.025 ᠳ᠋ᠦᠩᠰᠢᠭᠤᠷ ᠲᠥᠭᠦᠷᠢᠭ ᠲᠤ ᠬᠦᠷᠴᠡᠢ︔ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 16 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠦ᠂ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ 44.4% ᠳᠤ ᠬᠥᠷᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号