ᠠᠵᠤ ᠠᠬᠤᠶ ᠶᠢᠨ ᠲᠤᠭ᠎ᠠ  ᠪᠠᠷᠢᠮᠳᠠ᠄ ᠬᠤᠷᠴᠢᠨ ᠲᠣᠭᠤᠷᠢᠭ ᠤᠨ 2024 ᠣᠨ ᠤ 1 - 3 ᠰᠠᠷ᠎ᠠ ᠶᠢᠨ ᠠᠵᠤ ᠠᠬᠤᠶ ᠶᠢᠨ ᠭᠤᠤᠯ ᠪᠣᠯᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/4/16
    ᠬᠤᠰᠢᠭᠤ ᠰᠢᠶᠠᠨ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠨ᠂ ᠬᠤᠷᠴᠢᠨ ᠲᠣᠭᠤᠷᠢᠭ ᠤᠨ ᠨᠢᠭᠡᠳᠦᠭᠡᠷ ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 72.79 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4.01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠂ ᠡᠭᠦᠨ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 21.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 43.33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃      ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.9 % ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 60.10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.8 % ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 101.5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 30.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3% ᠪᠠᠷ ᠨᠡᠮᠡᠭᠳᠡᠪᠡ︔ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10209 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11261 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6814 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号