ᠬᠤᠷᠴᠢᠨ ᠲᠣᠭᠤᠷᠢᠭ᠄ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ
ᠨᠡᠶᠢᠲᠡᠯᠡᠭᠰᠡᠨ ᠴᠠᠭ᠄
2024/4/17
      ᠡᠨᠡ ᠵᠢᠯ᠂ ᠬᠤᠷᠴᠢᠨ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠱᠠᠲᠤᠯᠠᠨ ᠪᠣᠶᠢᠵᠢᠭᠤᠯᠬᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠪᠡ᠃ ᠵᠢᠯ ᠤᠨ ᠳᠣᠲᠣᠷ᠎ᠠ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 20᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 20 ᠶᠢ ᠬᠥᠮᠥᠷᠭᠡ ᠳᠤ ᠣᠷᠣᠭᠤᠯᠬᠤ ᠶᠢ ᠪᠠᠲᠤᠯᠠᠨ᠎ᠠ︔ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠵᠢᠯ ᠤᠨ ᠳᠣᠲᠣᠷ᠎ᠠ ᠬᠦᠴᠦᠨ ᠪᠦᠬᠦᠢ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ ᠶᠢ 300 ᠬᠤᠪᠢ ᠳᠤ ᠬᠦᠷᠦᠭᠦᠯᠵᠦ᠂ ᠲᠠᠸᠠᠷ ᠤᠨ ᠲᠡᠮᠳᠡᠭ ᠤᠨ ᠶᠡᠷᠦᠩᠬᠡᠢ ᠬᠡᠮᠵᠢᠶ᠎ᠡ ᠶᠢ 8000 ᠬᠤᠪᠢ ᠳᠤ ᠬᠦᠷᠦᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠺᠣᠳ᠋︾ ᠢ ᠬᠦᠴᠦᠯᠡᠨ ᠤᠬᠠᠭᠤᠯᠤᠨ ᠲᠠᠨᠢᠯᠴᠠᠭᠤᠯᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠳᠤ ᠲᠥᠷᠥ ᠶᠢᠨ ᠪᠣᠳᠣᠯᠭ᠎ᠠ ᠣᠯᠭᠤᠬᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠳᠤ ᠨᠠᠩ ᠳᠥᠭᠦᠮ ᠳᠥᠲᠡ ᠪᠣᠯᠭᠠᠵᠤ᠂ ︽ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号