ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠦᠷᠢᠶᠡᠨ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠰᠡᠯ ᠱᠠᠭᠠᠷᠳᠠᠯᠭ᠎ᠠ︾ ᠴᠣᠩᠬᠤ ᠶᠢ ᠡᠭᠦᠳᠦᠨ ᠪᠠᠶᠢᠭᠤᠯᠵᠤ᠂ | ᠬᠦᠰᠡᠯ ᠱᠠᠭᠠᠷᠳᠠᠯᠭ᠎ᠠ ᠶᠢᠨ ᠠᠵᠢᠯ ᠤᠨ ᠡᠬᠡ ᠲᠠᠩᠰᠠ ᠪᠠ ᠬᠦᠰᠡᠯ ᠱᠠᠭᠠᠷᠳᠠᠯᠭ᠎ᠠ ᠶᠢᠨ ᠠᠰᠠᠭᠤᠳᠠᠯ ᠢ ᠲᠥᠷᠥᠯ | ᠬᠤᠪᠢᠶᠠᠨ ᠰᠢᠯᠵᠢᠭᠦᠯᠦᠨ ᠰᠢᠢᠳᠪᠦᠷᠢᠯᠡᠭᠦᠯᠬᠦ᠂ ᠴᠡᠭᠴᠡᠯᠡᠨ ᠥᠭᠡᠷᠡᠴᠢᠯᠡᠵᠦ ᠬᠠᠷᠢᠭᠤ ᠲᠤᠰᠬᠠᠬᠤ ᠠᠵᠢᠯ ᠤᠨ | ᠲᠣᠭᠲᠠᠴᠠ ᠶᠢ ᠪᠠᠶᠢᠭᠤᠯᠤᠨ᠂ ᠬᠠᠨᠳᠤᠯᠭᠠᠲᠤ ᠴᠢᠨᠠᠷᠲᠠᠢ ᠪᠠᠷ ᠠᠵᠤ ᠠᠬᠤᠶᠢᠯᠠᠯ᠂ ᠣᠯᠠᠨ ᠲᠦᠮᠡᠨ ᠤ ᠲᠤᠰᠬᠠᠭᠰᠠᠨ | ᠠᠰᠠᠭᠤᠳᠠᠯ ᠢ ᠰᠤᠳᠤᠯᠤᠨ ᠮᠠᠭᠠᠳᠯᠠᠵᠤ ᠵᠠᠳᠠᠯᠤᠨ ᠰᠢᠨᠵᠢᠯᠡᠵᠦ᠂ ᠨᠠᠷᠢᠯᠢᠭ ᠣᠨᠣᠴᠠᠲᠠᠢ ᠪᠠᠷ ᠰᠢᠯᠵᠢᠭᠦᠯᠦᠨ | ᠰᠢᠢᠳᠪᠦᠷᠢᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠨᠢᠭᠡᠨᠲᠡ ᠰᠢᠯᠵᠢᠭᠦᠯᠦᠨ ᠰᠢᠢᠳᠪᠦᠷᠢᠯᠡᠭᠦᠯᠦᠭᠰᠡᠨ ᠬᠦᠰᠡᠯ | ᠱᠠᠭᠠᠷᠳᠠᠯᠭ᠎ᠠ ᠶᠢᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠬᠤᠷᠢᠶᠠᠩᠭᠤᠶᠢᠯᠠᠬᠤ ᠶᠢᠨ | ᠬᠠᠮᠲᠤ ᠰᠢᠢᠳᠪᠦᠷᠢᠯᠡᠭᠰᠡᠨ ᠠᠬᠢᠴᠠ ᠪᠠᠨ ᠠᠵᠤ ᠠᠬᠤᠶᠢᠯᠠᠯ ᠪᠠ ᠤᠯᠠᠨ ᠲᠦᠮᠡᠨ ᠳᠤ ᠴᠠᠭ ᠲᠤᠬᠠᠢ ᠳᠤᠨᠢ ᠬᠠᠷᠢᠭᠤ | ᠲᠤᠰᠬᠠᠵᠤ᠂ ᠵᠠᠭᠠᠯᠳᠤᠭᠰᠠᠨ ᠱᠠᠭᠠᠷᠳᠠᠯᠭ᠎ᠠ ᠳᠤ ᠴᠥᠮ ᠬᠠᠷᠢᠭᠤᠯᠲᠠ ᠥᠭᠬᠦ ᠶᠢ ᠦᠨᠡᠨ ᠬᠦ ᠪᠠᠲᠤᠯᠠᠨ᠎ᠠ᠃ | |