ᠬᠤᠷᠴᠢᠨ ᠲᠣᠭᠤᠷᠢᠭ᠄ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/4/22
      ᠣᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠲᠣᠭᠤᠷᠢᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠶᠣᠰᠣᠭᠠᠷ᠂ ᠠᠷᠠᠳᠴᠢᠯᠠᠯ ᠲᠠᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠬᠤᠷᠴᠢᠨ ᠲᠣᠭᠤᠷᠢᠭ ᠤᠨ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ  ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠂ ᠤᠯᠤᠰ ᠲᠥᠷᠥ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢᠨ ᠬᠠᠮᠲᠤ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠨ᠎ᠠ︔ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠪᠠ ᠠᠷᠠᠳ ᠤᠨ ᠪᠦᠯᠬᠦᠮ ᠤᠨ ᠰᠠᠨᠠᠯ ᠢ ᠬᠢᠨᠠᠮᠠᠭᠠᠢ ᠰᠣᠨᠣᠰᠴᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠨ ᠲᠦᠮᠡᠨ ᠲᠠᠢ ᠨᠡᠩ ᠣᠶᠢᠷᠠᠲᠤᠭᠤᠯᠵᠤ᠂ ᠠᠷᠠᠳ ᠤᠨ ᠰᠠᠨᠠᠭᠠᠨ ᠳᠤ ᠨᠡᠩ  ᠨᠡᠶᠢᠴᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号