︽ᠬᠤᠷᠴᠢᠨ ᠲᠣᠭᠤᠷᠢᠭ ᠤᠨ 2024 ᠣᠨ ᠤ ᠡᠮᠴᠢᠯᠡᠭᠡᠨ ᠤ ᠪᠠᠲᠤᠯᠠᠭ᠎ᠠ ᠶᠢᠨ ︿ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ︵ᠴᠡᠭ︶﹀ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/22
    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠭᠠᠷᠲᠠᠨ ᠭᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠬᠡᠪᠡᠷ ᠠᠬᠢᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠢᠴᠢ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠪᠠᠶᠢᠷᠢᠰᠢᠯ ᠢ ᠪᠠᠶᠢᠭᠤᠯᠵᠤ᠂ ︽15 ᠮᠢᠨᠦ᠋ᠲ ᠤᠨ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠪᠣᠶ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠣᠶᠢᠷ᠎ᠠ ᠬᠠᠪᠢ ᠳᠠᠭᠠᠨ ᠴᠢᠨᠠᠷ ᠰᠠᠶᠢᠲᠠᠶ ᠳᠥᠭᠦᠮ ᠳᠥᠲᠡ ᠥᠨᠳᠥᠷ ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠬᠦᠷᠲᠡᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃    ᠬᠤᠶᠠᠷ᠂ ᠦᠨᠳᠦᠰᠦᠨ ᠵᠠᠷᠴᠢᠮ    ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ︔ ᠪᠠᠷᠢᠮᠵᠢᠶ᠎ᠠ ᠵᠢᠷᠤᠮᠵᠢᠯ ᠲᠠᠢ᠃    ᠭᠤᠷᠪᠠ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠨᠢᠭᠡᠳᠦᠯᠲᠡᠢ ᠵᠢᠷᠤᠮᠵᠢᠭᠤᠯᠬᠤ    ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢ ︽ᠠᠷᠪᠠ ᠶᠢ ᠪᠣᠳᠠᠲᠠᠶᠢᠵᠢᠭᠤᠯᠬᠤ︾ ᠪᠠᠷᠢᠮᠵᠢᠶ᠎ᠠ ᠶᠣᠰᠣᠭᠠᠷ ᠪᠠᠶᠢᠭᠤᠯᠤᠨ᠎ᠠ᠃ ᠡᠭᠦᠷᠭᠡ ᠴᠢᠳᠠᠪᠤᠷᠢ ᠶᠢᠨ ᠡᠷᠬᠡ ᠣᠯᠭᠤᠯᠲᠠ ᠶᠢ ᠪᠣᠳᠠᠲᠠᠶᠢᠵᠢᠭᠤᠯᠤᠨ᠎ᠠ︔ ᠦᠢᠯᠡᠴᠢᠯᠡᠭᠡᠨ ᠤ ᠲᠠᠯᠠᠪᠤᠷ ᠭᠠᠵᠠᠷ ᠢ ᠪᠣᠳᠠᠲᠠᠶᠢᠵᠢᠭᠤᠯᠤᠨ᠎ᠠ︔ ᠦᠢᠯᠡᠴᠢᠯᠡᠭᠡᠨ ᠤ ᠢᠯᠭᠠᠬᠤ ᠲᠡᠮᠳᠡᠭ ᠢ ᠪᠣᠳᠠᠲᠠᠶᠢᠵᠢᠭᠤᠯᠤᠨ᠎ᠠ︔ ᠠᠵᠢᠯᠲᠠᠨ ᠤ ᠲᠣᠬᠢᠷᠠᠭᠤᠯᠤᠯᠲᠠ ᠶᠢ ᠪᠣᠳᠠᠲᠠᠶᠢᠵᠢᠭᠤᠯᠤᠨ᠎ᠠ︔ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠪᠣᠳᠠᠲᠠᠶᠢᠵᠢᠭᠤᠯᠤᠨ᠎ᠠ︔ ᠠᠵᠢᠯᠯᠠᠭᠠᠨ ᠤ ᠭᠠᠷ ᠳᠡᠪᠲᠡᠷ ᠢ ᠲᠦᠭᠡᠭᠡᠨ ᠲᠠᠷᠬᠠᠭᠠᠬᠤ ᠶᠢ ᠪᠣᠳᠠᠲᠠᠶᠢᠵᠢᠭᠤᠯᠤᠨ᠎ᠠ︔ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠪᠣᠳᠠᠲᠠᠶᠢᠵᠢᠭᠤᠯᠤᠨ᠎ᠠ︔ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠡᠬᠡ ᠲᠠᠩᠰᠠ ᠶᠢ ᠪᠣᠳᠠᠲᠠᠶᠢᠵᠢᠭᠤᠯᠤᠨ᠎ᠠ︔ ᠦᠢᠯᠡᠴᠢᠯᠡᠭᠡᠨ ᠤ ᠠᠴᠢᠶᠠᠯᠠᠪᠤᠷᠢ ᠶᠢᠨ ᠬᠡᠷᠡᠭᠯᠡᠯᠲᠡ ᠶᠢ ᠪᠣᠳᠠᠲᠠᠶᠢᠵᠢᠭᠤᠯᠤᠨ᠎ᠠ︔ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠢᠯᠡ ᠪᠣᠯᠭᠠᠨ᠎ᠠ᠃    ︵ᠬᠤᠶᠠᠷ︶ ᠦᠢᠯᠡᠴᠢᠯᠡᠭᠡᠨ ᠤ ᠵᠦᠢᠯᠡᠰ ᠢ ᠨᠢᠭᠡᠳᠦᠯᠲᠡᠢ ᠵᠢᠷᠤᠮᠵᠢᠭᠤᠯᠬᠤ    ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠢᠭᠤᠯᠤᠮᠵᠢ ᠨᠢ ︽ᠲᠠᠯᠪᠢᠵᠤ ᠳᠡᠶᠢᠯᠬᠦ ᠶᠢ ᠨᠢ ᠵᠠᠪᠠᠯ ᠲᠠᠯᠪᠢᠵᠤ᠂ ᠲᠠᠯᠪᠢᠬᠤ ᠶᠣᠰᠣᠲᠠᠶ ᠶᠢ ᠨᠢ ᠴᠥᠮ ᠲᠠᠯᠪᠢᠬᠤ︾ ᠵᠠᠷᠴᠢᠮ ᠶᠣᠰᠣᠭᠠᠷ᠂ ᠡᠷᠬᠡ ᠣᠯᠭᠤᠨ ᠨᠠᠢᠳᠠᠵᠤ ᠪᠠᠢᠭᠠᠳ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠢᠴᠢ ᠡᠯ᠎ᠡ ᠠᠯᠪᠠᠨ ᠠᠴᠠ ᠪᠠᠢᠭᠤᠯᠤᠭᠰᠠᠨ ᠡᠮᠴᠢᠯᠡᠭᠡᠨ ᠤ ᠪᠠᠢᠭᠤᠯᠤᠮᠵᠢ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠠᠴᠠ ᠳᠣᠷᠣᠭᠰᠢᠬᠢ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃    1. ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠵᠦᠢᠯᠡᠰ᠄    ︵1︶ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠳᠠᠩᠰᠠᠯᠠᠯ︔ ︵2︶ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠳᠠᠩᠰᠠᠯᠠᠯ︔ ︵3︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠬᠤ︔ ︵4︶ ᠡᠭᠦᠳᠡᠨ ᠡᠮᠨᠡᠯᠭᠡ ᠶᠢᠨ ᠵᠠᠷᠤᠳᠠᠯ ᠢ ᠲᠠᠩᠰᠠ ᠲᠠᠶᠢᠯᠬᠤ︔ ︵5︶ ᠡᠮᠨᠡᠯᠭᠡ ᠳᠤ ᠰᠠᠭᠤᠭᠰᠠᠨ ᠵᠠᠷᠤᠳᠠᠯ ᠢ ᠲᠠᠩᠰᠠ ᠲᠠᠶᠢᠯᠬᠤ︔ ︵6︶ ᠭᠦᠩᠬᠡᠵᠢᠬᠦ ᠠᠴᠠ ᠡᠮᠦᠨᠡᠬᠢ ᠪᠠᠶᠢᠴᠠᠭᠠᠬᠤ ᠵᠠᠷᠤᠳᠠᠯ ᠥᠭᠬᠦ︔ ︵7︶ ᠬᠥᠩᠭᠡᠵᠢᠯ ᠤᠨ ᠡᠮᠴᠢᠯᠡᠭᠡᠨ ᠤ ᠵᠠᠷᠤᠳᠠᠯ ᠥᠭᠬᠦ︔ ︵8︶ ᠲᠥᠯᠥᠪᠯᠡᠭᠡᠲᠦ ᠦᠷᠡᠵᠢᠯ ᠤᠨ ᠡᠮᠴᠢᠯᠡᠭᠡᠨ ᠤ ᠵᠠᠷᠤᠳᠠᠯ ᠥᠭᠬᠦ︔ ︵9︶ ᠬᠥᠩᠭᠡᠵᠢᠯ ᠤᠨ ᠨᠥᠬᠦᠪᠥᠷᠢ ᠮᠥᠩᠭᠦ ᠥᠭᠬᠦ︔ ︵10︶ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠭᠠᠷ ︵ᠬᠡᠰᠡᠭ ᠪᠤᠰᠠᠭ︶ ᠲᠠᠩᠰᠠ ᠲᠠᠶᠢᠯᠬᠤ︔ ︵11︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ︔ ︵12︶ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵13︶ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵14︶ ᠠᠵᠢᠯ ᠠᠴᠠ ᠪᠠᠨ ᠠᠮᠠᠷᠠᠭᠰᠠᠳ ᠢ ᠣᠨᠳᠣᠣ ᠭᠠᠵᠠᠷ ᠲᠤ ᠲᠦᠪᠬᠢᠨᠡᠭᠦᠯᠬᠦ ᠳᠠᠩᠰᠠᠯᠠᠯ︔ ︵15︶ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ ᠢ ᠳᠠᠩᠰᠠᠯᠠᠬᠤ︔ ︵16︶ ᠣᠨᠳᠣᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠤ ᠳᠡᠩᠰᠡᠯᠡᠯᠲᠡ︔ ︵17︶ ᠣᠨᠳᠣᠤ ᠭᠠᠵᠠᠷ ᠠᠴᠠ ᠰᠢᠯᠵᠢᠭᠦᠯᠦᠨ ᠡᠮᠨᠡᠭᠦᠯᠦᠭᠰᠡᠨ ᠬᠥᠮᠦᠰ ᠢ ᠪᠦᠷᠢᠳᠬᠡᠨ ᠳᠠᠩᠰᠠᠯᠠᠬᠤ︔ ︵18︶ ᠡᠮ ᠡᠮᠨᠡᠯᠭᠡ ᠶᠢᠨ ᠳᠠᠭᠠᠳᠭᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠬᠦ᠃    2. ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠢᠭ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ᠄    ︵1︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ︔ ︵2︶ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵3︶ ᠳᠠᠭᠠᠳᠬᠠᠯ ᠳᠤ ᠣᠷᠣᠯᠴᠠᠭᠰᠠᠨ ᠬᠥᠮᠦᠰ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵4︶ ᠠᠵᠢᠯ ᠠᠴᠠ ᠪᠠᠨ ᠠᠮᠠᠷᠠᠭᠰᠠᠳ ᠢ ᠣᠨᠳᠣᠣ ᠭᠠᠵᠠᠷ ᠲᠤ ᠲᠦᠪᠬᠢᠨᠡᠭᠦᠯᠬᠦ ᠳᠠᠩᠰᠠᠯᠠᠯ︔ ︵5︶ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ ᠢ ᠳᠠᠩᠰᠠᠯᠠᠬᠤ︔ ︵6︶ ᠣᠨᠳᠣᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠤ ᠳᠡᠩᠰᠡᠯᠡᠯᠲᠡ︔ ︵7︶ ᠣᠨᠳᠣᠤ ᠭᠠᠵᠠᠷ ᠠᠴᠠ ᠰᠢᠯᠵᠢᠭᠦᠯᠦᠨ ᠡᠮᠨᠡᠭᠦᠯᠦᠭᠰᠡᠨ ᠬᠥᠮᠦᠰ ᠢ ᠪᠦᠷᠢᠳᠬᠡᠨ ᠳᠠᠩᠰᠠᠯᠠᠬᠤ︔ ︵8︶ ᠡᠮ ᠡᠮᠨᠡᠯᠭᠡ ᠶᠢᠨ ᠳᠠᠭᠠᠳᠭᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠬᠦ᠃    3. ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠵᠦᠢᠯᠡᠰ᠄    ︵1︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ︔ ︵2︶ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵3︶ ᠳᠠᠭᠠᠳᠬᠠᠯ ᠳᠤ ᠣᠷᠣᠯᠴᠠᠭᠰᠠᠨ ᠬᠥᠮᠦᠰ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵4︶ ᠠᠵᠢᠯ ᠠᠴᠠ ᠪᠠᠨ ᠠᠮᠠᠷᠠᠭᠰᠠᠳ ᠢ ᠣᠨᠳᠣᠣ ᠭᠠᠵᠠᠷ ᠲᠤ ᠲᠦᠪᠬᠢᠨᠡᠭᠦᠯᠬᠦ ᠳᠠᠩᠰᠠᠯᠠᠯ︔ ︵5︶ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ ᠢ ᠳᠠᠩᠰᠠᠯᠠᠬᠤ︔ ︵6︶ ᠣᠨᠳᠣᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠤ ᠳᠡᠩᠰᠡᠯᠡᠯᠲᠡ︔ ︵7︶ ᠣᠨᠳᠣᠤ ᠭᠠᠵᠠᠷ ᠠᠴᠠ ᠰᠢᠯᠵᠢᠭᠦᠯᠦᠨ ᠡᠮᠨᠡᠭᠦᠯᠦᠭᠰᠡᠨ ᠬᠥᠮᠦᠰ ᠢ ᠪᠦᠷᠢᠳᠬᠡᠨ ᠳᠠᠩᠰᠠᠯᠠᠬᠤ︔ ︵8︶ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ ᠣᠯᠭᠤᠮᠵᠢ ᠶᠢ ᠭᠤᠶᠤᠴᠢᠯᠠᠨ ᠮᠡᠳᠡᠭᠦᠯᠬᠦ︔ ︵9︶ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ  ᠠᠮᠢᠯᠠᠭᠤᠯᠬᠤ︔ ︵10︶ ᠭᠡᠷ ᠪᠦᠯᠢ ᠶᠢᠨ ᠵᠤᠬᠢᠴᠠᠯᠳᠤᠬᠤ ᠳᠠᠩᠰᠠᠨ ᠡᠷᠦᠬᠡ ᠶᠢ ᠮᠡᠳᠡᠭᠦᠯᠬᠦ     ᠳᠥᠷᠪᠡ᠂ ᠠᠵᠢᠯ ᠤᠨ ᠱᠠᠭᠠᠷᠳᠠᠯᠭ᠎ᠠ    ᠦᠨᠳᠦᠰᠦᠨ ᠱᠠᠲᠤᠨ ᠤ ᠠᠵᠢᠯ ᠢ ᠴᠢᠬᠤᠯᠠᠴᠢᠯᠠᠵᠤ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠳ᠋ᠷ︾ ᠳᠠᠰᠢ ᠤᠷᠤᠭᠰᠢᠯᠠᠨ᠎ᠠ︔ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠨ᠎ᠡ︔ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠴᠤ ᠤᠬᠠᠭᠤᠯᠤᠨ᠎ᠠ︔ ᠲᠣᠬᠢᠷᠠᠭᠤᠯᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠶᠢ ᠴᠢᠩᠭᠠᠳᠬᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号