ᠣᠶᠢᠷ᠎ᠠ ᠶᠢᠨ ᠵᠢᠯ ᠤᠨ ᠲᠤᠷᠰᠢ᠂ ᠬᠤᠷᠴᠢᠨ ᠲᠣᠭᠤᠷᠢᠭ ᠤᠨ ᠬᠢᠨ ︽ᠪᠠᠭ᠎ᠠ ᠬᠡᠪᠴᠢᠶ᠎ᠡ᠂ ᠶᠡᠭᠡ ᠪᠦᠯᠦᠭᠯᠡᠯ︾ ᠤᠨ | ᠠᠯᠠᠰᠢᠨ ᠦᠬᠡᠷ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠰᠡᠳᠬᠢᠴᠡ ᠪᠠᠷ ᠭᠤᠶᠢᠪᠢᠰᠢ ᠦᠭᠡᠢ ᠵᠠᠮᠨᠠᠵᠤ᠂ ᠮᠠᠯᠴᠢᠨ | ᠲᠠᠷᠢᠶᠠᠴᠢᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠵᠢᠭᠡᠨ | ᠦᠷᠡᠵᠢᠭᠦᠯᠬᠦ ᠪᠠᠭ᠎ᠠ ᠲᠣᠭᠤᠷᠢᠭ᠂ ᠲᠤᠰᠬᠠᠢ ᠠᠵᠢᠯ ᠤᠨ ᠬᠤᠷᠰᠢᠶ᠎ᠠ ᠵᠡᠷᠭᠡ ᠬᠡᠯᠪᠡᠷᠢ ᠪᠠᠷ ᠵᠣᠬᠢᠬᠤ ᠬᠡᠪᠴᠢᠶ᠎ᠡ ᠲᠠᠢ | ᠡᠵᠡᠩᠨᠡᠯᠲᠡ ᠬᠢᠯᠭᠡᠪᠡ᠃ ᠡᠭᠦᠨ ᠤ ᠬᠠᠮᠲᠤ᠂ ᠲᠡᠵᠢᠭᠡᠨ ᠦᠷᠡᠵᠢᠭᠦᠯᠬᠦ ᠮᠡᠷᠭᠡᠵᠢᠯ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠥᠯᠳᠡᠭᠡᠵᠦ ᠬᠡᠭᠡᠯᠲᠦᠭᠦᠯᠬᠦ ᠮᠡᠷᠭᠡᠵᠢᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠢᠴᠡᠭᠡᠯ | ᠦᠷ᠎ᠡ ᠶᠢ ᠲᠠᠷᠬᠠᠭᠠᠬᠤ᠂ ᠠᠪᠬᠤ᠂ ᠬᠡᠷᠡᠭᠯᠡᠬᠦ ᠶᠢ ᠰᠠᠶᠢᠲᠤᠷ ᠨᠥᠬᠦᠪᠦᠷᠢᠯᠡᠬᠦ ᠶᠢ ᠵᠢᠷᠤᠮᠵᠢᠭᠤᠯᠤᠨ ᠬᠠᠮᠢᠶᠠᠷᠴᠤ᠂ | ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠶᠢ ᠥᠷᠭᠡᠳᠬᠡᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠣᠲᠣ ᠪᠣᠯᠲᠠᠯ᠎ᠠ᠂ ᠬᠤᠷᠴᠢᠨ | ᠲᠣᠭᠤᠷᠢᠭ ᠲᠤ ᠠᠯᠠᠰᠢᠨ ᠦᠬᠡᠷ ᠮᠢᠩᠭᠠᠨ ᠲᠣᠯᠣᠭᠠᠢ ᠠᠴᠠ ᠳᠠᠪᠠᠭᠰᠠᠨ ᠭᠠᠴᠠᠭ᠎ᠠ ᠲᠣᠰᠬᠤᠨ 61᠂ ᠵᠠᠭᠤ ᠠᠴᠠ | ᠳᠠᠪᠠᠭᠰᠠᠨ ᠲᠡᠵᠢᠭᠡᠨ ᠦᠷᠡᠵᠢᠭᠦᠯᠬᠦ ᠲᠠᠯᠠᠪᠠᠶ 145᠂ ᠪᠣᠷᠳᠣᠵᠤ ᠲᠠᠷᠭᠤᠯᠠᠭᠤᠯᠬᠤ ᠲᠣᠮᠣ ᠬᠡᠯᠪᠡᠷᠢ ᠶᠢᠨ ᠦᠬᠡᠷ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 4 ᠪᠠᠶᠢᠵᠤ᠂ ᠠᠯᠠᠰᠢᠨ ᠦᠬᠡᠷ ᠤᠨ ᠲᠤᠭ᠎ᠠ ᠪᠥᠬᠦ ᠬᠤᠲᠠ ᠶᠢᠨ 8. | 43% ᠶᠢ ᠡᠵᠡᠯᠡᠵᠦ ᠪᠠᠶᠢᠨ᠎ᠠ᠃ |