4 ᠰᠠᠷ᠎ᠠ ᠶᠢᠨ 23 ᠤ ᠡᠳᠦᠷ᠂ ᠬᠤᠷᠴᠢᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠬᠡᠰᠡᠭ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠬᠤᠷᠴᠢᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ | ᠦᠨᠳᠦᠰᠦᠨ ᠱᠠᠲᠤᠨ ᠤ ᠰᠢᠭᠦᠬᠦ ᠲᠢᠩᠬᠢᠮ ᠳᠤ ᠣᠴᠢᠵᠤ᠂ ᠦᠨᠳᠦᠰᠦᠨ ᠱᠠᠲᠤᠨ ᠤ ᠰᠢᠭᠦᠬᠦ ᠲᠢᠩᠬᠢᠮ ᠤᠨ | ᠪᠠᠶᠢᠭᠤᠯᠤᠯᠲᠠ᠂ ᠬᠡᠷᠡᠭ ᠢ ᠰᠢᠭᠦᠨ ᠲᠠᠰᠤᠯᠬᠤ᠂ ᠵᠠᠷᠭᠤ ᠶᠢᠨ ᠢᠷᠡᠯᠲᠡ ᠶᠢ ᠵᠠᠰᠠᠬᠤ ᠵᠡᠷᠭᠡ ᠠᠵᠢᠯ ᠳᠤ ᠪᠠᠶᠢᠴᠠᠭᠠᠨ | ᠦᠵᠡᠵᠦ ᠰᠤᠳᠤᠯᠤᠯᠲᠠ ᠬᠢᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠵᠢᠩ ᠮᠢᠩ᠂ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠪᠠᠲᠤ ᠪᠠᠶᠢᠴᠠᠭᠠᠨ | ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠳᠤ ᠣᠷᠣᠯᠴᠠᠪᠠ᠃ | | | |