ᠬᠤᠷᠴᠢᠨ ᠲᠣᠭᠤᠷᠢᠭ᠄ ᠠᠬᠠᠮᠠᠳ ᠺᠠᠳ᠋ᠷᠴᠤᠳ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2024/4/24
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠠᠬᠠᠮᠠᠳ ᠺᠠᠳ᠋ᠷᠴᠤᠳ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠡᠢ᠃ ᠬᠤᠷᠴᠢᠨ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠭᠤᠣᠯ ᠰᠢᠵᠢᠮ ᠪᠣᠯᠭᠠᠵᠤ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠠᠬᠠᠮᠠᠳ ᠺᠠᠳ᠋ᠷᠴᠤᠳ ᠲᠤ ᠦᠢᠯᠡᠳᠦᠯ ᠢᠶᠠᠨ ᠪᠠᠳᠠᠷᠠᠭᠤᠯᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠰᠣᠶᠣᠯ ᠤᠨ ᠠᠮᠢᠳᠤᠷᠠᠯ ᠤᠨ ᠲᠠᠪᠴᠠᠩ ᠢ ᠪᠠᠶᠢᠭᠤᠯᠵᠤ ᠥᠭᠪᠡ︔ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠰᠡᠳᠬᠢᠯ ᠬᠠᠨᠤᠮᠵᠢᠲᠠᠢ ᠪᠠᠶᠢᠬᠤ ᠪᠠᠷ ᠤᠳᠤᠷᠢᠳᠤᠮᠵᠢ ᠪᠣᠯᠭᠠᠵᠤ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠤᠯᠤᠰ ᠲᠦᠷᠦ ᠶᠢᠨ ᠬᠠᠷᠠᠭᠠᠯᠵᠠᠯ ᠪᠠ ᠠᠮᠢᠳᠤᠷᠠᠯ ᠤᠨ ᠬᠠᠷᠠᠭᠠᠯᠵᠠᠯ ᠢ ᠨᠠᠶᠢᠳᠠᠪᠤᠷᠢᠵᠢᠭᠤᠯᠵᠤ᠂ ᠤᠶᠤᠨ ᠰᠠᠨᠠᠭᠠᠨ ᠤ ᠬᠠᠷᠠᠭᠠᠯᠵᠠᠯ  ᠦᠵᠡᠭᠦᠯᠦᠨ᠎ᠡ; ᠡᠯ᠎ᠡ ᠲᠠᠯ᠎ᠠ ᠶᠢᠨ ᠬᠦᠴᠦᠨ ᠢ ᠬᠦᠴᠦᠯᠡᠨ ᠬᠥᠲᠥᠯᠥᠨ ᠵᠢᠯᠤᠭᠤᠳᠴᠤ ᠪᠠᠶᠢᠭᠠᠳ ᠠᠬᠠᠮᠠᠳ ᠺᠠᠳ᠋ᠷᠴᠤᠳ ᠤᠨ ᠠᠵᠢᠯ ᠳᠤ ᠣᠷᠣᠯᠴᠠᠨ ᠳᠡᠮᠵᠢᠵᠦ᠂ ᠠᠬᠠᠮᠠᠳ ᠺᠠᠳ᠋ᠷᠴᠤᠳ ᠤᠨ ᠠᠵᠢᠯ ᠤᠨ ᠨᠡᠩ ᠰᠢᠨᠵᠢᠯᠡᠬᠦ ᠤᠬᠠᠭᠠᠨᠴᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号