ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠨᠠᠰᠤᠵᠢᠯ ᠤᠨ ᠠᠰᠠᠷᠠᠮᠵᠢ ᠶᠢᠨ ᠦᠢᠯᠡᠰ ᠢ | ᠢᠮᠠᠭᠲᠠ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠵᠣᠪᠠᠭᠤᠷᠢ ᠶᠢ ᠠᠷᠢᠯᠭᠠᠬᠤ᠂ ᠠᠷᠠᠳ ᠤᠨ ᠠᠰᠢᠭ | ᠲᠤᠰᠠ ᠶᠢ ᠨᠡᠮᠡᠭᠳᠡᠭᠦᠯᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠷᠭ᠎ᠠ ᠵᠠᠮ ᠢ ᠲᠠᠰᠤᠷᠠᠯᠳᠡ ᠦᠭᠡᠢ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠠᠶᠢᠵᠢᠷᠠᠭᠤᠯᠪᠠ᠃ ᠣᠳᠣᠬᠠᠨ ᠳᠤ᠂ ᠬᠤᠷᠴᠢᠨ ᠲᠣᠭᠤᠷᠢᠭ ᠤᠨ ᠬᠢᠨ | ᠬᠤᠲᠠ ᠶᠢᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ | ᠥᠷᠲᠡᠭᠡ ᠶᠢ ᠨᠡᠶᠢᠲᠡ 21 ᠪᠠᠶᠢᠭᠤᠯᠵᠤ᠂ 7 ᠪᠠᠷᠢᠮᠵᠢᠶᠠᠵᠢᠭᠰᠠᠨ ᠨᠡᠶᠢᠭᠡᠮ ᠲᠣᠭᠤᠷᠢᠭ ᠤᠨ ᠬᠤᠭᠤᠯᠠᠨ ᠲᠢᠩᠬᠢᠮ ᠢ | ᠪᠠᠶᠢᠭᠤᠯᠬᠤ ᠪᠠᠷ ᠲᠥᠯᠥᠪᠯᠡᠵᠦ᠂ ︽15 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠣᠭᠤᠷᠢᠭ︾ ᠤᠨ ᠦᠢᠯᠡᠴᠢᠯᠡᠭᠡᠨ ᠤ ᠷᠠᠳᠢᠦ᠋ᠰ ᠨᠢ 1500 ᠮᠧᠲᠷ ᠠᠴᠠ 700 ᠮᠧᠲᠷ ᠪᠣᠯᠣᠨ ᠪᠣᠭᠤᠨᠢᠰᠴᠤ᠂ | ᠦᠢᠯᠡᠴᠢᠯᠡᠭᠡᠨ ᠤ ᠠᠭᠤᠯᠭ᠎ᠠ ᠨᠢ ᠲᠠᠩ ᠭᠠᠭᠴᠠ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠠᠯᠠᠪᠤᠷ ᠪᠠᠶᠢᠭᠰᠠᠨ | ᠠᠴᠠ ᠪᠠᠨ ᠡᠮᠴᠢᠯᠡᠭᠡ᠂ ᠬᠤᠭᠤᠯᠠ ᠤᠮᠳᠠ᠂ ᠤᠬᠢᠶᠠᠯᠭ᠎ᠠ᠂ ᠴᠡᠪᠡᠷᠯᠡᠭᠡ᠂ ᠠᠶᠠᠨ ᠳᠤ ᠲᠤᠰᠠᠯᠠᠬᠤ᠂ ᠪᠠᠴᠢᠮ | ᠪᠠᠶᠢᠳᠠᠯ ᠳᠤ ᠲᠤᠰᠠᠯᠠᠬᠤ ᠵᠡᠷᠭᠡ ᠣᠯᠠᠨ ᠲᠠᠯ᠎ᠠ ᠳᠤ ᠬᠦᠷᠲᠡᠯ᠎ᠡ ᠬᠥᠭᠵᠢᠭᠰᠡᠨ ᠪᠠᠶᠢᠨ᠎ᠠ᠃ |