ᠬᠤᠷᠴᠢᠨ ᠲᠣᠭᠤᠷᠢᠭ᠄ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/4/29
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠦᠢᠯᠡᠳᠦᠯᠭᠡᠵᠢᠭᠦᠯᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠠᠮᠢ ᠠᠬᠤᠢ ᠶᠢᠨ ᠤᠢ᠂ ᠠᠵᠤ ᠠᠬᠤᠢ ᠶᠢᠨ ᠤᠢ᠂ ᠦᠵᠡᠮᠵᠢ ᠶᠢᠨ ᠤᠢ ᠵᠡᠷᠭᠡ ︽ᠭᠤᠷᠪᠠᠨ ᠤᠢ ᠶᠢ ᠬᠠᠮᠲᠤᠪᠠᠷ ᠪᠦᠲᠦᠭᠡᠨ ᠪᠠᠶᠢᠭᠤᠯᠬᠤ︾ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠨᠣᠭᠤᠭᠠᠨ ᠥᠩᠭᠡ ᠶᠢ ᠤᠷᠭᠤᠭᠤᠯᠵᠤ᠂ ᠦᠵᠡᠰᠬᠦᠯᠡᠩᠲᠦ ᠰᠠᠶᠢᠬᠠᠨ ᠦᠵᠡᠮᠵᠢ ᠶᠢ ᠪᠤᠢ ᠪᠣᠯᠭᠠᠬᠤ ᠶᠢ ᠪᠠᠲᠤᠯᠠᠵᠤ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ  ᠪᠡᠶᠡᠯᠡᠭᠦᠯᠦᠨ᠎ᠡ᠃ ᠣᠲᠣ ᠪᠣᠯᠲᠠᠯ᠎ᠠ᠂ ᠬᠤᠷᠴᠢᠨ ᠲᠣᠭᠤᠷᠢᠭ ᠤᠨ ᠤᠷᠭᠤᠭ᠎ᠠ ᠮᠣᠳᠣᠨ ᠤ ᠬᠠᠳᠠᠭᠠᠯᠠᠮᠵᠢ 171 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 10.01% ᠬᠦᠷᠴᠦ᠂ ᠬᠤᠷᠴᠢᠨ ᠤ ᠡᠯᠡᠰᠦᠷᠬᠡᠭ ᠭᠠᠵᠠᠷ ᠢ ᠨᠡᠶᠢᠲᠡ 10.1 ᠲᠦᠮᠡᠨ ᠮᠦ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号