ᠬᠤᠷᠴᠢᠨ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/30
      4 ᠰᠠᠷ᠎ᠠ ᠶᠢᠨ 29 ᠤ ᠡᠳᠦᠷ᠂ ᠬᠤᠷᠴᠢᠨ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠰᠣᠨᠣᠰᠴᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠢ ᠭᠦᠨᠵᠡᠭᠡᠢ ᠵᠠᠳᠠᠯᠵᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠰᠢᠶᠣᠣ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ  ᠤᠳᠤᠷᠢᠳᠤᠯᠭ᠎ᠠ ᠵᠢᠶᠠᠩ ᠵᠢᠶᠦ᠋ᠨ ᠵᠧᠩ᠂ ᠶᠢᠦ ᠵᠢᠶᠦ᠋ᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠶᠢᠨ ᠲᠣᠭᠤᠷᠢᠨ ᠳᠤ ᠠᠵᠢᠯ ᠤᠨ ᠰᠠᠨᠠᠯ ᠢᠶᠠᠨ ᠳᠤᠷᠠᠳᠴᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号