ᠬᠤᠷᠴᠢᠨ ᠲᠣᠭᠤᠷᠢᠭ᠄ ᠬᠤᠲᠠ ᠬᠥᠳᠡᠭᠡ  ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/4/7
      ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠠᠷᠢᠯᠢᠭᠵᠢᠭᠤᠯᠬᠤ ᠲᠦᠪᠰᠢᠨ ᠢᠶᠠᠨ ᠳᠡᠭᠡᠭᠰᠢᠯᠡᠭᠦᠯᠵᠦ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠲᠠ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠡᠭᠦᠨ ᠤ ᠬᠠᠮᠲᠤ᠂ ᠬᠥᠳᠡᠭᠡ ᠲᠣᠰᠬᠤᠨ ᠤ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠪᠠ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ ᠲᠣᠰ ᠲᠣᠰ 85%᠂ 92%  ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠡᠭᠦᠨ ᠠᠴᠠ ᠭᠠᠳᠠᠨ᠎ᠠ᠂ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠷᠬᠦᠴᠡ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号