ᠬᠤᠷᠴᠢᠨ ᠲᠣᠭᠤᠷᠢᠭ᠄ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/4/8
     ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠣᠨᠴᠠᠯᠢᠭᠲᠤ ᠳᠠᠪᠠᠭᠤᠯᠢᠭ ᠠᠵᠤ ᠦᠢᠯᠡᠳᠪᠦᠷᠢ ᠶᠢᠨ ᠰᠢᠰᠲ᠋ᠧᠮ ᠢ ᠦᠷᠭᠦᠯᠵᠢᠯᠡᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠵᠦ᠂ ᠰᠠᠶᠢᠨ ᠡᠬᠢᠯᠡᠯᠲᠡ ᠲᠠᠢ ᠪᠣᠯᠵᠠᠢ᠃ 1 ︱ 2 ᠳ᠋ᠤᠭᠠᠷ ᠰᠠᠷ᠎ᠠ ᠳᠤ᠂ ᠬᠤᠷᠴᠢᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 36.4 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠪᠡ᠃ ᠡᠭᠦᠨ ᠳᠤ᠂ ᠠᠭᠤᠷᠬᠠᠢ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 60.9% ᠨᠡᠮᠡᠭᠳᠡᠵᠦ᠂ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 22.0% ᠨᠡᠮᠡᠭᠳᠡᠵᠡᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号