ᠬᠤᠷᠴᠢᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ  ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/5/11
      ᠡᠨᠡ ᠵᠢᠯ᠂ ᠬᠤᠷᠴᠢᠨ ᠲᠣᠭᠤᠷᠢᠭ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ  ᠴᠣᠭᠴᠠᠯᠠᠪᠠ᠃ ᠬᠤᠷᠴᠢᠨ ᠲᠣᠭᠤᠷᠢᠭ ᠤᠨ ᠬᠢᠨ ᠮᠦ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠭᠠᠵᠠᠷ ᠬᠠᠩᠭᠠᠬᠤ ᠶᠢ ᠴᠢᠩᠭ᠎ᠠ ᠬᠡᠷᠡᠭᠵᠢᠭᠦᠯᠵᠦ᠂ ᠭᠠᠵᠠᠷ ᠰᠢᠷᠣᠢ ᠶᠢ ᠨᠡᠭᠡᠭᠡᠨ ᠠᠰᠢᠭᠯᠠᠬᠤ ᠡᠷᠴᠢᠮ ᠪᠣᠯᠣᠨ ᠨᠢᠭᠡᠴᠢ ᠦᠢᠯᠡᠳᠬᠦᠨ ᠤ ᠦᠷᠳᠡᠭ ᠢ ᠲᠡᠭᠡᠭᠰᠢᠯᠡᠭᠦᠯᠦᠨ᠎ᠡ︔ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠬᠦ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠵᠠᠭᠪᠤᠷ᠂ ᠰᠢᠨ᠎ᠡ ᠲᠣᠭᠲᠠᠴᠠ ᠶᠢ ᠡᠭᠦᠳᠦᠨ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠡᠭᠦᠨ ᠤ ᠬᠠᠮᠲᠤ᠂ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠮᠲᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠦᠴᠦᠯᠡᠨ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠤᠷᠢᠳᠠᠪᠠᠷ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠮᠠᠯᠠᠯᠲᠠ ᠶᠢᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号