ᠬᠤᠷᠴᠢᠨ ᠲᠣᠭᠤᠷᠢᠭ᠄ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2024/5/15
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠪᠠᠶᠢᠭᠤᠯᠤᠮᠵᠢ ᠲᠣᠭᠲᠠᠴᠠ ᠪᠠᠨ ᠪᠦᠷᠢᠨᠰᠢᠭᠦᠯᠵᠦ᠂ ᠳᠦᠷᠢᠮ ᠤᠨ ᠪᠠᠲᠤᠯᠠᠭ᠎ᠠ ᠪᠠᠨ ᠴᠢᠩᠭᠠᠳᠬᠠᠵᠤ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠪᠡ᠃ ᠬᠤᠷᠴᠢᠨ ᠲᠣᠭᠤᠷᠢᠭ ᠤᠨ ᠬᠢᠨ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠱᠠᠲᠤ ᠬᠤᠪᠢᠶᠠᠨ ᠬᠡᠷᠡᠭᠵᠢᠭᠦᠯᠵᠦ᠂ ᠣᠨᠴᠠᠭᠠᠶ ᠬᠥᠮᠥᠰ ᠤᠨ ᠣᠯᠭᠤᠮᠵᠢ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ︔ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠷᠭᠤᠭᠤᠯᠤᠨ ᠪᠤᠳᠤᠬᠤ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ ᠣᠷᠣᠯᠴᠠᠬᠤ ᠶᠢ ᠢᠯᠭᠠᠷᠠᠭᠤᠯᠤᠨ ᠪᠠᠷᠢᠮᠵᠢᠶ᠎ᠠ ᠳᠤ ᠬᠦᠷᠦᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠪᠠᠲᠤᠯᠠᠨ᠎ᠠ︔ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠲᠣᠣᠷ  ᠢ  ᠪᠦᠷᠢᠨᠰᠢᠭᠦᠯᠦᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号