ᠬᠤᠷᠴᠢᠨ ᠲᠣᠭᠤᠷᠢᠭ᠄ ᠬᠢᠲᠠᠳ ᠮᠣᠩᠭᠤᠯ ᠡᠮ ᠤᠨ ᠮᠠᠲ᠋ᠧᠷᠢᠶᠠᠯ ᠳᠠᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/16
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠴᠢᠩ ᠾᠧ ᠪᠠᠯᠭᠠᠰᠤ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠭᠤᠣᠯ ᠲᠠᠷᠢᠮᠠᠯ ᠤᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠥᠪᠡᠷᠮᠢᠴᠡ ᠣᠨᠴᠠᠯᠢᠭ ᠲᠠᠢ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠠᠶᠢᠷᠢᠰᠢᠭᠤᠯᠤᠨ ᠪᠤᠵᠠᠭᠠᠶᠢᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠᠷ ᠬᠥᠭᠵᠢᠯᠲᠡ ᠶᠢᠨ ︽ᠬᠥᠳᠡᠯᠭᠡᠭᠦᠷ︾ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠣᠲᠣ ᠪᠣᠯᠲᠠᠯ᠎ᠠ᠂ ᠬᠤᠷᠴᠢᠨ ᠲᠣᠭᠤᠷᠢᠭ ᠤᠨ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠲᠠᠷᠢᠯᠭ᠎ᠠ ᠳᠤ ᠬᠤᠷᠳᠤᠨ ᠴᠠᠭᠠᠨ᠂ ᠰᠠᠷᠠᠨ ᠴᠡᠴᠡᠭ᠂ ᠬᠤᠨᠴᠢᠷ ᠵᠡᠷᠭᠡ ᠪᠠᠷ ᠭᠤᠣᠯᠯᠠᠵᠤ᠂ 28 ᠵᠦᠢᠯ ᠤᠨ ᠲᠠᠷᠢᠯᠭ᠎ᠠ ᠶᠢᠨ ᠲᠥᠷᠥᠯ ᠵᠦᠢᠯ ᠳᠠᠷᠢᠵᠤ᠂ ᠶᠡᠷᠦᠩᠬᠡᠢ ᠳᠠᠷᠢᠭᠰᠠᠨ ᠲᠠᠯᠠᠪᠠᠶ ᠨᠢ 5 ᠲᠦᠮᠡ ᠭᠠᠷᠤᠢ ᠮᠦ ᠳᠤ ᠬᠦᠷᠴᠡᠢ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号