ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠷᠴᠢᠨ | ᠲᠣᠭᠤᠷᠢᠭ ᠤᠨ 78 ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ 1352 ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ 2.8 ᠲᠦᠮᠡ ᠭᠠᠷᠤᠢ ᠨᠠᠮ ᠤᠨ | ᠭᠡᠰᠢᠭᠦᠨ ᠪᠦᠬᠦ ᠭᠡᠰᠢᠭᠦᠨ ᠢ ᠬᠠᠮᠤᠷᠴᠠᠢ᠃ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠲᠦᠷᠦᠭᠦᠯᠡᠨ ᠨᠣᠮ ᠤᠩᠰᠢᠬᠤ ᠠᠩᠭᠢ᠂ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ | ᠡᠷᠬᠢᠯᠡᠵᠦ᠂ 78 ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢ ᠵᠢᠱᠢᠶ᠎ᠡ ᠦᠵᠡᠭᠦᠯᠦᠨ | ᠳᠠᠶᠢᠴᠢᠯᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠰᠠᠶᠢᠨ ᠦᠷ᠎ᠡ ᠪᠦᠲᠦᠮᠵᠢ ᠣᠯᠪᠠ᠃ | ᠡᠭᠦᠨ ᠠᠴᠠ ᠭᠠᠳᠠᠨ᠎ᠠ᠂ ᠬᠤᠷᠴᠢᠨ ᠲᠣᠭᠤᠷᠢᠭ ᠤᠨ ᠬᠢᠨ ︽ᠳᠦᠷᠢᠮ︾ ᠢ ᠨᠠᠮ ᠤᠨ ᠰᠤᠷᠭᠠᠭᠤᠯᠢ ᠶᠢᠨ ᠭᠤᠣᠯ | ᠠᠩᠭᠢ ᠳᠤ ᠣᠷᠣᠭᠤᠯᠵᠤ᠂ ᠰᠠᠯᠠᠭᠠᠨ ᠤ ᠲᠠᠰ ᠤᠨ ᠺᠠᠳ᠋ᠷᠴᠤᠳ ᠤᠨ ᠪᠣᠯᠪᠠᠰᠤᠷᠠᠯ ᠤᠨ ᠠᠩᠭᠢ ᠪᠠ ᠵᠠᠯᠠᠭᠤ | ᠺᠠᠳ᠋ᠷᠴᠤᠳ ᠤᠨ ᠠᠩᠭᠢ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ | ᠲᠠᠶᠢᠯᠤᠮᠵᠢ ᠨᠡᠮᠡᠨ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠨᠡᠶᠢᠲᠡ 700 ᠭᠠᠷᠤᠢ ᠬᠥᠮᠥᠨ ᠤᠳᠠᠭ᠎ᠠ | ᠪᠣᠯᠪᠠᠰᠤᠷᠠᠭᠤᠯᠵᠠᠢ᠃ |