ᠬᠤᠷᠴᠢᠨ ᠲᠣᠭᠤᠷᠢᠭ᠄ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠷᠠᠭᠠᠨ ᠤ ᠭᠦᠢᠯᠭᠡᠭᠡᠨ ᠤ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/5/20
      ᠡᠨᠡ ᠵᠢᠯ᠂ ᠬᠤᠷᠴᠢᠨ ᠲᠣᠭᠤᠷᠢᠭ ᠤᠨ ᠳᠤᠮᠳᠠᠳᠤ ᠡᠸᠦ᠋ᠷᠦᠫᠡ ᠶᠢᠨ ᠵᠢᠱᠢᠶᠡᠨ ᠤ ᠭᠠᠯᠲᠤ ᠲᠡᠷᠭᠡ ᠶᠢ ᠰᠡᠷᠭᠦᠭᠡᠨ ᠨᠠᠪᠲᠠᠷᠡᠭᠦᠯᠵᠦ᠂ ᠬᠤᠷᠴᠢᠨ ᠲᠣᠭᠤᠷᠢᠭ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ᠤᠨ ᠵᠣᠬᠢᠶᠠᠨ ᠪᠠᠶᠢᠭᠤᠯᠵᠤ ᠡᠵᠡᠩᠨᠡᠬᠦ ᠵᠠᠭᠪᠤᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠣᠲᠣᠭᠠᠳᠤ ᠳᠤ ᠲᠥᠪᠯᠡᠷᠡᠭᠦᠯᠬᠦ ᠪᠠ ᠭᠠᠳᠠᠭᠠᠳᠤ ᠳᠤ ᠰᠠᠴᠤᠷᠠᠭᠯᠠᠨ ᠨᠥᠯᠥᠭᠡᠯᠡᠬᠦ ᠴᠢᠳᠠᠪᠤᠷᠢ ᠶᠢ ᠨᠡᠮᠡᠭᠳᠡᠭᠦᠯᠪᠡ᠃ ᠡᠭᠦᠨ ᠤ ᠬᠠᠮᠲᠤ᠂ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ᠂ ᠲᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠲᠦᠷᠭᠡᠨ ᠬᠦᠷᠭᠡᠯᠲᠡ ᠶᠢᠨ ᠣᠶᠤᠨᠴᠢ ᠢᠯᠭᠠᠯᠲᠠ ᠶᠢᠨ ᠲᠥᠪ ᠪᠠ ᠣᠶᠤᠨᠲᠤ ᠡᠭᠦᠯᠡᠨ ᠬᠥᠮᠥᠷᠭᠡ ᠶᠢᠨ ᠲᠥᠷᠥᠯ ᠵᠦᠢᠯ ᠢ ᠲᠦᠯᠬᠢᠨ ᠠᠬᠢᠭᠤᠯᠬᠤ ᠶᠢᠨ ᠬᠠᠮᠲᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢ ᠶᠡᠬᠡᠪᠡᠷ ᠬᠥᠭᠵᠢᠭᠦᠯᠵᠦ᠂ ᠲᠣᠭᠠᠴᠢᠯᠠᠭᠰᠠᠨ ᠴᠢᠳᠠᠪᠤᠷᠢ ᠪᠠᠷ ᠪᠠᠷᠠᠭ᠎ᠠ ᠭᠦᠢᠯᠭᠡᠭᠡᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号