ᠬᠤᠷᠴᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠄ ᠰᠢᠨᠵᠢᠯᠡᠬᠦ ᠤᠬᠠᠭᠠᠨᠲᠠᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠎ᠠ
ᠨᠡᠶᠢᠲᠡᠯᠡᠭᠰᠡᠨ ᠴᠠᠭ᠄
2024/5/21
      ᠣᠶᠢᠷ᠎ᠠ ᠳᠤ᠂ ᠬᠤᠷᠴᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠣᠭᠤᠷᠢᠭ ᠤᠨ ᠡᠯ᠎ᠡ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠲᠦᠩᠯᠢᠶᠣᠣ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠣᠴᠢᠭᠤᠯᠵᠤ ︽ᠨᠠᠮ ᠤᠨ ᠤᠳᠤᠷᠢᠳᠤᠯᠭ᠎ᠠ ᠳᠣᠣᠷᠠᠬᠢ ᠰᠢᠨᠵᠢᠯᠡᠬᠦ ᠤᠬᠠᠭᠠᠨᠲᠠᠨ︾ ᠤ ᠨᠠᠮᠴᠢ ᠴᠢᠨᠠᠷ ᠤᠨ ᠬᠥᠮᠦᠵᠢᠯ ᠤᠨ ᠭᠤᠣᠯ ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠭᠦᠯᠪᠡ᠃ ᠳᠠᠷᠠᠭ᠎ᠠ ᠳᠤᠨᠢ᠂︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ᠲᠤᠰᠬᠠᠢ ᠰᠡᠳᠦᠪᠲᠦ ᠲᠠᠶᠢᠯᠤᠮᠵᠢ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠬᠠᠢ ᠲᠠᠨᠢᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号