ᠬᠤᠷᠴᠢᠨ ᠲᠣᠭᠤᠷᠢᠭ᠄ ︽ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠠᠬᠢᠨ ᠳᠡᠭᠡᠭᠰᠢᠯᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/22
      ᠡᠨᠡ ᠵᠢᠯ᠂ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡ ᠪᠠ ᠮᠥᠩᠬᠡ ᠰᠤᠪᠠᠭ ᠲᠠᠪᠴᠠᠩ ᠳᠤ ᠲᠦᠰᠢᠭᠯᠡᠨ᠂ ᠪᠠᠩᠬᠢ ᠶᠢᠨ ᠣᠯᠠᠨ ᠦᠢᠯᠡᠴᠢᠯᠡᠭᠡᠨ ᠤ ᠲᠣᠣᠷ ᠴᠢᠭ᠋ ᠤᠨ ᠬᠠᠮᠤᠷᠬᠤ ᠳᠠᠪᠠᠭᠤᠯᠢᠭ ᠢ ᠠᠰᠢᠭᠯᠠᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ + ᠮᠥᠩᠭᠦᠨ ᠭᠦᠢᠯᠭᠡᠭᠡ︾ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠣᠯᠠᠨ ᠲᠦᠮᠡᠨ ᠢ ᠬᠠᠮᠤᠭ ᠤᠨ ᠶᠡᠭᠡ ᠬᠡᠮᠵᠢᠶ᠎ᠡ ᠪᠠᠷ ︽ᠳᠤᠲᠠᠭᠤ ᠵᠠᠮ ᠬᠥᠭᠡᠭᠡᠵᠦ᠂ ᠣᠬᠤᠷ ᠵᠠᠮ ᠬᠥᠭᠡᠭᠡᠵᠦ᠂ ᠣᠶᠢᠷ᠎ᠠ ᠬᠠᠪᠢ ᠳᠠᠭᠠᠨ ᠰᠢᠢᠳᠪᠦᠷᠢᠯᠡᠬᠦ︾ ᠪᠣᠯᠭᠠᠪᠠ᠃ ᠣᠲᠣ ᠪᠣᠯᠲᠠᠯ᠎ᠠ᠂ ᠨᠢᠭᠡᠨᠲᠡ 31 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠰᠢ ᠤᠷᠲᠤᠳᠬᠠᠵᠤ᠂ 20 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠩᠬᠢ ᠶᠢᠨ ᠲᠣᠣᠷ ᠴᠡᠭ ᠢ ᠲᠣᠬᠢᠷᠠᠭᠤᠯᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号