ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠰᠣᠶᠣᠯ ᠢᠶᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ | ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ | ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠨᠣᠮ ᠤᠩᠰᠢᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ︽ | ᠰᠣᠩᠭᠤᠳᠠᠭ ᠵᠣᠬᠢᠶᠠᠯ ᠢᠶᠠᠷ ᠳᠤᠮᠳᠠᠳᠤ ᠪᠠᠨ ᠭᠡᠶᠢᠭᠦᠯᠬᠦ︾ ᠭᠤᠣᠯ ᠰᠡᠳᠦᠪᠲᠦ ᠨᠣᠮ ᠤᠩᠰᠢᠬᠤ ᠠᠵᠢᠯᠯᠠᠭ᠎ᠠ ᠶᠢ | ᠭᠦᠨᠵᠡᠭᠡᠶᠢᠷᠡᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠦᠭᠡ ᠬᠡᠯᠡ ᠦᠰᠦᠭ | ᠪᠢᠴᠢᠭ ᠤᠨ ᠠᠵᠢᠯ ᠤᠨ ᠵᠥᠪᠯᠡᠯ ᠠᠴᠠ ᠵᠢᠷᠭᠤᠳᠤᠭᠠᠷ ᠬᠤᠭᠤᠴᠠᠭᠠᠨ ᠤ ᠳᠤᠮᠳᠠᠳᠤ ᠶᠢᠨ ᠰᠣᠩᠭᠤᠳᠠᠭ ᠵᠣᠬᠢᠶᠠᠯ ᠢ | ᠣᠩᠰᠢᠵᠤ ᠪᠢᠴᠢᠵᠦ ᠶᠠᠷᠢᠬᠤ ᠤᠷᠤᠯᠳᠤᠭᠠᠨ ︵ᠳᠣᠷᠣᠭᠰᠢ ᠤᠷᠤᠯᠳᠤᠭᠠᠨ ᠭᠡᠵᠦ ᠳᠦᠭᠦᠮᠴᠢᠯᠡᠨ᠎ᠡ︶ ᠢ ᠡᠷᠬᠢᠯᠡᠬᠦ ᠪᠠᠷ | ᠪᠣᠯᠪᠠ᠃ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠣᠰᠣᠭᠠᠷ ᠮᠠᠨ ᠤ ᠣᠷᠣᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠡᠳᠦᠭᠡ ᠤᠷᠤᠯᠳᠤᠭᠠᠨ ᠤ ᠪᠣᠳᠠᠲᠠᠢ ᠵᠦᠢᠯ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠤᠷᠤᠯᠳᠤᠭᠠᠨ ᠤ ᠵᠣᠷᠢᠯᠲᠠ ᠳᠤᠮᠳᠠᠳᠤ ᠶᠢᠨ ᠰᠢᠯᠢᠳᠡᠭ ᠰᠣᠶᠣᠯ ᠤᠨ ᠠᠭᠤᠯᠤᠭᠳᠠᠬᠤᠨ ᠢ | ᠣᠶᠢᠯᠠᠭᠠᠵᠤ᠂ ᠰᠣᠶᠣᠯ ᠤᠨ ᠦᠵᠡᠯ ᠰᠠᠨᠠᠭᠠᠨ ᠤ ᠦᠢᠯᠡᠳᠦᠯᠭᠡ ᠶᠢ ᠪᠠᠶᠠᠯᠢᠭᠵᠢᠭᠤᠯᠤᠨ᠂ ᠦᠭᠡ ᠬᠡᠯᠡ ᠰᠣᠶᠣᠯ ᠤᠨ | ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠪᠠᠷ | ᠤᠷᠮᠠᠰᠢᠭᠤᠯᠤᠨ᠎ᠠ᠃ | ᠬᠤᠶᠠᠷ᠂ ᠤᠷᠤᠯᠳᠤᠭᠠᠨ ᠤ ᠭᠤᠣᠯ ᠰᠡᠳᠦᠪ ᠰᠣᠩᠭᠤᠳᠠᠭ ᠵᠣᠬᠢᠶᠠᠯ ᠢᠶᠠᠷ ᠳᠤᠮᠳᠠᠳᠤ ᠪᠠᠨ ᠭᠡᠶᠢᠭᠦᠯᠵᠦ᠂ | ᠰᠣᠶᠤᠯ ᠤᠨ ᠥᠪ ᠢ ᠦᠷᠭᠦᠯᠵᠢᠯᠡᠭᠦᠯᠦᠶ᠎ᠡ | ᠭᠤᠷᠪᠠ᠂ ᠤᠷᠤᠯᠳᠤᠭᠠᠨ ᠤ ᠲᠥᠷᠥᠯ ᠲᠤᠰ ᠬᠤᠭᠤᠴᠠᠭᠠᠨ ᠤ ᠤᠷᠤᠯᠳᠤᠭᠠᠨ ᠢ ︽ᠳᠤᠮᠳᠠᠳᠤ ᠢᠶᠠᠨ | ᠤᠶᠠᠩᠭᠠᠯᠠᠨᠠᠮ︾ ᠭᠡᠬᠦ ᠰᠣᠩᠭᠤᠳᠠᠭ ᠵᠣᠬᠢᠶᠠᠯ ᠢ ᠤᠩᠰᠢᠬᠤ ᠤᠷᠤᠯᠳᠤᠭᠠᠨ ︵ᠤᠩᠰᠢᠬᠤ ᠤᠷᠤᠯᠳᠤᠭᠠᠨ ᠭᠡᠵᠦ | ᠳᠦᠭᠦᠮᠴᠢᠯᠡᠨ᠎ᠡ︶᠂ ︽ᠳᠤᠮᠳᠠᠳᠤ ᠢᠶᠠᠨ ᠰᠢᠯᠦᠭᠯᠡᠨᠡᠮ︾ ᠭᠡᠬᠦ ᠰᠢᠯᠦᠭ ᠳᠠᠭᠤᠯᠠᠯ ᠢᠶᠠᠷ ᠲᠠᠶᠢᠯᠪᠤᠷᠢᠯᠠᠬᠤ | ᠤᠷᠤᠯᠳᠤᠭᠠᠨ ︵ᠲᠠᠶᠢᠯᠪᠤᠷᠢᠯᠠᠬᠤ ᠤᠷᠤᠯᠳᠤᠭᠠᠨ ᠭᠡᠵᠦ ᠳᠦᠭᠦᠮᠴᠢᠯᠡᠨ᠎ᠡ︶᠂ ︽ᠳᠤᠮᠳᠠᠳᠤ ᠢᠶᠠᠨ ᠪᠢᠴᠢᠭᠯᠡᠨᠡᠮ︾ | ᠭᠡᠬᠦ ᠬᠢᠲᠠᠳ ᠦᠰᠦᠭ ᠤᠨ ᠤᠷᠠᠨ ᠪᠢᠴᠢᠯᠭᠡ ᠶᠢᠨ ᠤᠷᠤᠯᠳᠤᠭᠠᠨ ︵ᠪᠢᠴᠢᠬᠦ ᠤᠷᠤᠯᠳᠤᠭᠠᠨ ᠭᠡᠵᠦ ᠳᠦᠭᠦᠮᠴᠢᠯᠡᠨ᠎ᠡ︶ | ᠂ ︽ᠳᠤᠮᠳᠠᠳᠤ ᠢᠶᠠᠨ ᠰᠡᠶᠢᠯᠦᠨᠡᠮ︾ ᠭᠡᠬᠦ ᠪᠠᠭᠰᠢ ᠰᠤᠷᠤᠭᠴᠢ ᠶᠢᠨ ᠰᠡᠶᠢᠯᠬᠦ ᠤᠷᠤᠯᠳᠤᠭᠠᠨ ︵ᠰᠡᠶᠢᠯᠬᠦ | ᠤᠷᠤᠯᠳᠤᠭᠠᠨ ᠭᠡᠵᠦ ᠳᠦᠭᠦᠮᠴᠢᠯᠡᠨ᠎ᠡ︶ ᠵᠡᠷᠭᠡ ᠲᠥᠷᠪᠡᠨ ᠤᠷᠤᠯᠳᠤᠭᠠᠨ ᠤ ᠲᠥᠷᠦᠯ ᠬᠤᠪᠢᠶᠠᠪᠠ᠃ | ᠳᠥᠷᠪᠡ᠂ ᠤᠷᠤᠯᠳᠤᠭᠠᠨ ᠤ ᠲᠥᠷᠦᠯ ᠤᠨ ᠵᠣᠬᠢᠶᠠᠨ ᠪᠠᠶᠢᠭᠤᠯᠤᠯᠲᠠ ᠰᠤᠷᠭᠠᠨ ᠬᠥᠮᠦᠵᠢᠯ ᠤᠨ ᠶᠠᠮᠤᠨ ᠤ | ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠣᠩᠰᠢᠬᠤ ᠤᠷᠤᠯᠳᠤᠭᠠᠨ ᠤ ᠠᠩᠬᠠᠨ ᠤ | ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠵᠤ᠂ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠨᠠᠶᠢᠳᠠᠵᠤ ᠳᠠᠭᠠᠭᠠᠴᠢᠯᠠᠨ ᠡᠷᠬᠢᠯᠡᠨ᠎ᠡ᠃ ᠬᠤᠶᠠᠳᠠᠬᠢ | ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠢᠴᠢ ᠦᠵᠡᠭᠦᠯᠭᠡ ᠶᠢ ᠰᠤᠷᠭᠠᠨ ᠬᠥᠮᠦᠵᠢᠯ ᠤᠨ ᠶᠠᠮᠤᠨ ᠤ | ᠲᠣᠭᠲᠠᠭᠠᠭᠰᠠᠨ ᠬᠤᠪᠢᠶᠠᠷᠢ ᠤᠷᠤᠯᠳᠤᠭᠠᠨ ᠤ ᠵᠦᠢᠯ ᠢ ᠭᠦᠢᠴᠡᠳᠬᠡᠬᠦ ᠺᠣᠮᠢᠰ ᠠᠴᠠ ᠵᠣᠬᠢᠶᠠᠨ ᠪᠠᠶᠢᠭᠤᠯᠤᠨ᠎ᠠ᠃ | ᠮᠠᠨ ᠤ ᠣᠷᠣᠨ ᠤ ᠠᠩᠬᠠᠨ ᠤ ᠤᠷᠤᠯᠳᠤᠭᠠᠨ ᠢ ᠡᠯ᠎ᠡ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠰᠢᠯᠭᠠᠷᠠᠭᠤᠯᠬᠤ | ᠤᠷᠤᠯᠳᠤᠭᠠᠨ ᠤ ᠰᠠᠭᠤᠷᠢᠨ ᠳᠡᠭᠡᠷ᠎ᠡ ᠶᠠᠪᠤᠭᠳᠠᠭᠤᠯᠤᠨ᠎ᠠ᠃ ᠲᠠᠶᠢᠯᠪᠤᠷᠢᠯᠠᠬᠤ ᠤᠷᠤᠯᠳᠤᠭᠠᠨ᠂ ᠪᠢᠴᠢᠬᠦ ᠤᠷᠤᠯᠳᠤᠭᠠᠨ | ᠂ ᠰᠡᠶᠢᠯᠬᠦ ᠤᠷᠤᠯᠳᠤᠭᠠᠨ ᠳᠤ ᠣᠷᠣᠯᠴᠠᠭᠰᠠᠳ ᠰᠢᠭᠤᠳ ᠤᠷᠤᠯᠳᠤᠭᠠᠨ ᠤ ᠠᠯᠪᠠᠨ ᠤ ᠰᠦᠯᠵᠢᠶ᠎ᠡ ᠳᠤ ᠣᠷᠣᠵᠤ᠂ | ᠥᠪᠡᠰᠦᠪᠡᠨ ᠨᠡᠷ᠎ᠡ ᠮᠡᠳᠡᠭᠦᠯᠦᠨ᠂ ᠮᠡᠳᠡᠯᠭᠡ ᠶᠢᠨ ᠰᠢᠯᠭᠠᠨ ᠦᠨᠡᠯᠡᠯᠲᠡ ᠳᠤ ᠬᠢᠷᠢ ᠲᠡᠩᠴᠡᠭᠰᠡᠨ ᠤ ᠳᠠᠷᠠᠭ᠎ᠠ᠂ | ᠱᠠᠭᠠᠷᠳᠠᠯᠭ᠎ᠠ ᠶᠣᠰᠣᠭᠠᠷ ᠤᠷᠤᠯᠳᠤᠭᠠᠨ ᠳᠤ ᠣᠷᠣᠯᠴᠠᠬᠤ ᠪᠦᠲᠦᠭᠡᠯ ᠢᠶᠠᠨ ᠳᠠᠮᠵᠢᠭᠤᠯᠤᠨ᠎ᠠ᠃ | ᠲᠠᠪᠤ᠂ ᠤᠷᠤᠯᠳᠤᠭᠠᠨ ᠤ ᠳᠡᠰ ᠳᠠᠷᠠᠭᠠᠯᠠᠯ ᠤᠨ ᠲᠣᠬᠢᠷᠠᠭᠤᠯᠤᠯᠲᠠ ᠤᠷᠤᠯᠳᠤᠭᠠᠨ ᠤ ᠳᠡᠰ ᠳᠠᠷᠠᠭᠠᠯᠠᠯ ᠳᠤ | ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠢᠴᠢ ᠦᠵᠡᠭᠦᠯᠭᠡ ᠶᠢ | ᠪᠠᠭᠲᠠᠭᠠᠨ᠎ᠠ᠃ | ᠵᠢᠷᠭᠤᠭ᠎ᠠ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ ᠡᠯ᠎ᠡ ᠤᠷᠤᠯᠳᠤᠭᠠᠨ ᠤ ᠵᠦᠢᠯ ᠳᠤ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠱᠠᠩᠨᠠᠯ ᠢ ᠲᠣᠬᠢᠷᠠᠭᠤᠯᠵᠤ᠂ ᠵᠢᠯᠣᠭᠤᠳᠤᠭᠰᠠᠨ | ᠪᠠᠭᠰᠢ ᠳᠤ ᠵᠣᠷᠢᠭᠤᠯᠤᠨ ᠰᠢᠯᠢᠳᠡᠭ ᠵᠢᠯᠣᠭᠤᠳᠤᠭᠰᠠᠨ ᠪᠠᠭᠰᠢ ᠶᠢᠨ ᠱᠠᠩᠨᠠᠯ ᠢ ᠲᠣᠬᠢᠷᠠᠭᠤᠯᠵᠤ᠂ ᠡᠯ᠎ᠡ ᠭᠠᠵᠠᠷ ᠤᠨ | ᠰᠤᠷᠭᠠᠨ ᠬᠥᠮᠦᠵᠢᠯ ︵ᠦᠭᠡ ᠬᠡᠯᠡ ᠦᠰᠦᠭ ᠪᠢᠴᠢᠭ ᠤᠨ ᠠᠵᠢᠯ︶ ᠤᠨ ᠰᠠᠯᠠᠭ᠎ᠠ ᠮᠥᠴᠢᠷ᠂ ᠠᠵᠢᠯᠲᠠᠨ᠂ | ᠰᠤᠷᠭᠠᠭᠤᠯᠢ ᠵᠢᠴᠢ ᠬᠠᠮᠢᠶ᠎ᠠ ᠪᠦᠬᠦᠢ ᠤᠷᠤᠯᠳᠤᠭᠠᠨ ᠢ ᠵᠣᠬᠢᠶᠠᠨ ᠪᠠᠶᠢᠭᠤᠯᠬᠤ ᠨᠢᠭᠡᠴᠢ ᠪᠠ ᠬᠤᠪᠢ ᠬᠥᠮᠦᠨ ᠳᠤ | ᠬᠠᠨᠳᠤᠭᠤᠯᠤᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ︵ᠪᠦᠯᠬᠦᠮ᠂ ᠬᠤᠪᠢ ᠬᠥᠮᠦᠨ︶ ᠢ ᠲᠣᠬᠢᠷᠠᠭᠤᠯᠤᠨ᠂ | ᠤᠷᠤᠯᠳᠤᠭᠠᠨ ᠢ ᠵᠣᠬᠢᠶᠠᠨ ᠪᠠᠶᠢᠭᠤᠯᠬᠤ ᠺᠣᠮᠢᠰ ᠠᠴᠠ ᠨᠢᠭᠡᠳᠦᠯᠲᠡᠢ ᠦᠨᠡᠮᠯᠡᠯ ︵ᠰᠢᠯᠢᠳᠡᠭ ᠵᠣᠬᠢᠶᠠᠨ ᠪᠠᠶᠢᠭᠤᠯᠤᠭᠰᠠᠨ | ᠱᠠᠩᠨᠠᠯ ᠳᠤ ᠦᠨᠡᠮᠯᠡᠯ ᠣᠯᠭᠤᠵᠤ᠂ ᠪᠤᠰᠤᠳ ᠱᠠᠩᠨᠠᠯ ᠨᠢ ᠤᠷᠤᠯᠳᠤᠭᠠᠨ ᠤ ᠠᠯᠪᠠᠨ ᠤ ᠰᠦᠯᠵᠢᠶᠡᠨ ᠠᠴᠠ | ᠥᠪᠡᠰᠦᠪᠡᠨ ᠡᠯᠧᠺᠳ᠋ᠷᠣᠨ ᠦᠨᠡᠮᠯᠡᠯ ᠢ ᠪᠠᠭᠤᠯᠭᠠᠨ᠎ᠠ︶ ᠣᠯᠭᠤᠨ᠎ᠠ᠃ | ᠮᠠᠨ ᠤ ᠣᠷᠣᠨ ᠤ ᠣᠩᠰᠢᠬᠤ ᠤᠷᠤᠯᠳᠤᠭᠠᠨ ᠤ ᠠᠩᠬᠠᠨ ᠤ ᠤᠷᠤᠯᠳᠤᠭᠠᠨ ᠳᠤ ᠥᠪᠡᠷᠲᠡᠭᠡᠨ ᠵᠠᠰᠠᠬᠤ | ᠣᠷᠣᠨ ᠤ ᠳᠡᠰ ᠤᠨ ᠵᠣᠬᠢᠬᠤ ᠱᠠᠩᠨᠠᠯ ᠢ ᠲᠣᠬᠢᠷᠠᠭᠤᠯᠤᠨ᠎ᠠ᠃ | ᠳᠣᠯᠤᠭ᠎ᠠ᠂ ᠤᠷᠤᠯᠳᠤᠭᠠᠨ ᠤ ᠲᠠᠪᠴᠠᠩ | ᠤᠷᠤᠯᠳᠤᠭᠠᠨ ᠤ ᠠᠯᠪᠠᠨ ᠰᠦᠯᠵᠢᠶ᠎ᠡ᠄ https://jdsxj.eduyun.cn᠃ ᠤᠷᠤᠯᠳᠤᠭᠠᠨ ᠳᠤ | ᠣᠷᠣᠯᠴᠠᠭᠰᠠᠳ ᠠᠯᠪᠠᠨ ᠰᠦᠯᠵᠢᠶᠡᠨ ᠳᠤ ᠨᠡᠷ᠎ᠡ ᠮᠡᠳᠡᠭᠦᠯᠦᠨ ᠤᠷᠤᠯᠳᠤᠭᠠᠨ ᠳᠤ ᠣᠷᠣᠯᠴᠠᠵᠤ᠂ ᠪᠦᠲᠦᠭᠡᠯ ᠢᠶᠠᠨ | ᠳᠡᠭᠡᠭᠰᠢ ᠳᠠᠮᠵᠢᠭᠤᠯᠤᠨ᠂ ᠤᠷᠤᠯᠳᠤᠭᠠᠨ ᠤ ᠮᠡᠳᠡᠭᠳᠡᠯ ᠪᠠ ᠨᠡᠷᠡᠰ ᠤᠨ ᠢᠯᠡ ᠨᠡᠶᠢᠲᠡᠯᠡᠯ᠂ ᠦᠨᠡᠮᠯᠡᠯ ᠢ ᠪᠠᠭᠤᠯᠭᠠᠬᠤ | ᠵᠡᠷᠭᠡ ᠶᠢ ᠪᠠᠶᠢᠴᠠᠭᠠᠨ ᠦᠵᠡᠵᠦ ᠪᠣᠯᠤᠨ᠎ᠠ᠃ ᠡᠯ᠎ᠡ ᠤᠷᠤᠯᠳᠤᠭᠠᠨ ᠤ ᠳᠡᠰ ᠳᠠᠷᠠᠭᠠᠯᠠᠯ ᠤᠨ ᠪᠣᠳᠠᠲᠠᠢ ᠱᠠᠭᠠᠷᠳᠠᠯᠭ᠎ᠠ᠂ | ᠠᠵᠢᠯ ᠤᠨ ᠲᠣᠬᠢᠷᠠᠭᠤᠯᠤᠯᠲᠠ ᠵᠡᠷᠭᠡ ᠶᠠᠪᠤᠳᠠᠯ ᠢ ᠴᠥᠮ ᠤᠷᠤᠯᠳᠤᠭᠠᠨ ᠤ ᠠᠯᠪᠠᠨ ᠤ ᠰᠦᠯᠵᠢᠶ᠎ᠡ ᠪᠠᠷ ᠳᠠᠮᠵᠢᠭᠤᠯᠤᠨ | ᠨᠡᠶᠢᠲᠡᠯᠡᠪᠡ᠃ ᠡᠭᠦᠨ ᠤ ᠬᠠᠮᠲᠤ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ ᠢᠨᠵᠧᠨᠧᠷᠢᠩ ᠤᠨ | ᠸᠢᠴᠠᠲ ᠤᠨ ᠨᠡᠶᠢᠲᠡ ᠶᠢᠨ ᠳ᠋ᠤᠭᠠᠷ ︵zhjdsdgc︶᠂ ᠳ᠋ᠧᠦ ᠶᠢᠨ ᠤᠨ ᠳ᠋ᠤᠭᠠᠷ᠂ ᠸᠢᠳᠢᠣ᠋ ᠶᠢᠨ ᠳ᠋ᠤᠭᠠᠷ ᠪᠠ | ᠳᠤᠮᠳᠠᠳᠤ ᠤᠯᠤᠰ ᠤᠨ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠳ᠋ᠤᠭᠠᠷ | ᠵᠡᠷᠭᠡ ᠪᠠᠷ ᠳᠠᠮᠵᠢᠭᠤᠯᠤᠨ ᠤᠷᠤᠯᠳᠤᠭᠠᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠣᠯᠵᠤ ᠪᠣᠯᠤᠨ᠎ᠠ᠃ | |