︽ᠬᠤᠷᠴᠢᠨ ᠲᠣᠭᠤᠷᠢᠭ ᠤᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/30
    ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠠᠬᠤᠶ ᠪᠠᠶᠢᠳᠠᠯ    ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠰᠤᠷᠭᠠᠭᠤᠯᠢ ᠳᠤ ᠣᠷᠣᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ᠥᠪᠡᠷᠲᠡᠭᠡᠨ ᠵᠠᠰᠠᠬᠤ ᠣᠷᠣᠨ ᠵᠢᠴᠢ ᠲᠦᠩᠯᠢᠶᠣᠤ ᠬᠤᠲᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠦᠨᠳᠦᠰᠦᠯᠡᠨ᠂ ︽︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠢᠯᠡ ᠪᠠᠷ ᠰᠣᠷᠣᠭᠴᠢ ᠡᠯᠰᠡᠬᠦ ᠲᠤᠰᠬᠠᠶ ᠠᠵᠢᠯᠯᠠᠭ᠎ᠠ ︵2024 ᠣᠨ︶ ᠶᠢᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠰᠠᠭᠤᠷᠢ ﹇2020﹈ 40 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠷᠴᠢᠨ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠬᠤᠷᠴᠢᠨ ᠲᠣᠭᠤᠷᠢᠭ ᠤᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃    ᠬᠤᠶᠠᠷ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠰᠠᠨᠠᠯ︾ ︵ᠲᠥᠪ ᠲᠠᠷᠬᠠᠭᠠᠭᠰᠠᠨ ︹2019︺ 26 ᠳ᠋ᠤᠭᠠᠷ ᠲᠣᠭᠠᠲᠤ︶ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠪᠠᠷ ᠦᠨᠳᠦᠰᠦᠯᠡᠯ ᠪᠣᠯᠭᠠᠬᠤ ᠶᠢ ᠪᠠᠷᠢᠮᠲᠠᠯᠠᠨ᠂ ᠰᠣᠷᠣᠭᠴᠢ ᠡᠯᠰᠡᠬᠦ ᠰᠤᠷᠭᠠᠭᠤᠯᠢ ᠶᠢᠨ ᠡᠮᠬᠢ ᠳᠢᠭᠯᠢᠮ ᠢ ᠴᠢᠩᠭ᠎ᠠ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠡᠯ᠎ᠡ ᠲᠠᠯ᠎ᠠ ᠶᠢ ᠨᠢᠭᠡᠳᠦᠯᠲᠡᠶ ᠲᠥᠯᠥᠪᠵᠢᠭᠦᠯᠵᠦ᠂ ᠵᠣᠬᠢᠴᠠᠭᠤᠯᠵᠤ᠂ ᠴᠤᠪᠤᠷᠠᠯ ᠢ ᠳᠥᠭᠦᠮᠴᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠡᠤᠬᠡᠳ ᠨᠢᠭᠡᠪᠦᠷᠢ ᠳᠤ ᠲᠥᠪ ᠭᠤᠤᠯᠴᠢ ᠪᠥᠭᠡᠳ ᠴᠢᠨᠠᠷ ᠰᠠᠶᠢᠲᠠᠶ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠨ᠎ᠠ᠃    ᠭᠤᠷᠪᠠ᠂ ᠭᠤᠣᠯ ᠬᠠᠷᠠᠯᠲᠠ    ᠢᠯᠡ ᠪᠠᠷ ᠰᠣᠷᠣᠠᠠᠴᠢ ᠡᠯᠰᠡᠬᠦ ᠶᠢ ᠭᠡᠷᠡᠭᠵᠢᠬᠦᠯᠬᠦ ᠪᠠᠷ ᠳᠡᠮᠵᠢᠭᠤᠯᠥᠨ᠂ ᠰᠢᠨᠵᠢᠯᠡᠬᠦ ᠣᠬᠠᠭᠠᠨᠴᠢ ᠵᠦᠢ ᠵᠤᠬᠢᠰᠳᠡᠢ ᠰᠣᠷᠣᠠᠠᠴᠢ ᠡᠯᠰᠡᠬᠦ ᠠᠩᠭᠢ ᠬᠤᠪᠢᠶᠠᠬᠤ ᠲᠣᠠᠠᠳᠡᠴᠠ ᠶᠢ ᠴᠢᠷᠮᠡᠶᠢᠨ ᠪᠠᠢᠭᠤᠯᠵᠦ᠂ ᠪᠠᠭᠰᠢ ᠶᠢᠨ ᠡᠬᠢ ᠪᠠᠶᠠᠯᠢᠭ ᠢ ᠳᠡᠩᠴᠡᠬᠦᠷᠢᠳᠡᠢ ᠲᠣᠬᠢᠷᠡᠭᠤᠯᠥᠨ᠂ ᠰᠢᠨ᠎ᠡ ᠰᠣᠷᠣᠠᠠᠴᠢ ᠶᠢᠨ ᠰᠤᠷᠭᠠᠭᠤᠯᠢ ᠳᠤ ᠤᠷᠣᠬᠤ ᠰᠣᠷᠭᠠᠭᠤᠯᠢ ᠰᠣᠩᠭᠤᠬᠤ᠂ ᠠᠩᠬᠢ ᠰᠣᠩᠭᠤᠬᠤ ᠠᠰᠠᠭᠤᠳᠡᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠭᠡᠷ ᠲᠡᠭᠡᠨ ᠬᠤᠴᠣᠷᠤᠭᠰᠠᠨ ᠬᠡᠦᠬᠡᠳ᠂ ᠬᠤᠳᠡ ᠣᠷᠣᠵᠦ ᠬᠦᠴᠦ  ᠶᠠᠪᠤᠭᠴᠢ ᠶᠢᠨ ᠳᠠᠭᠠᠵᠦ ᠨᠡᠬᠦᠭᠰᠡᠨ ᠦᠷ᠎ᠠ ᠭᠡᠥᠭᠡᠳ᠂ ᠵᠡᠮᠳᠡᠭ ᠬᠡᠤᠬᠡᠳ ᠪᠠ ᠭᠡᠷ ᠪᠦᠯᠢ  ᠨᠢ ᠶᠠᠳᠠᠭᠤ ᠬᠦᠴᠢᠷᠳᠡᠯᠳᠡᠢ ᠬᠡᠤᠬᠡᠳ ᠪᠠᠭᠠᠴᠣᠳ ᠵᠡᠷᠭᠡ ᠣᠨᠴᠣᠭᠤᠢ ᠬᠦᠮᠦᠰ ᠤᠨ ᠡᠷᠬᠡ ᠲᠡᠭᠰᠢ ᠪᠠᠷ ᠠᠯᠪᠠᠡ ᠵᠢᠷᠦᠮ ᠤᠨ ᠰᠣᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠳᠣᠯᠠᠨ᠂ ᠵᠢᠷᠦᠮᠵᠢᠭᠤᠨ ᠪᠦᠭᠡᠳ ᠡᠮᠬᠢ ᠵᠢᠷᠦᠮ ᠲᠠᠢ᠂ ᠡᠷᠬᠡ ᠲᠡᠭᠰᠢ ᠪᠦᠭᠡᠳ ᠲᠥᠪ ᠭᠤᠣᠯᠴᠢ ᠰᠣᠷᠭᠠᠨ ᠬᠦᠮᠦᠵᠢᠯ ᠤᠨ ᠣᠷᠴᠢᠨ ᠲᠤᠭᠤᠷᠢᠨ ᠢ ᠪᠤᠢ ᠪᠤᠯᠭᠠᠵᠦ᠂ ᠠᠷᠡᠳ ᠳᠥᠮᠡᠨ ᠳᠤ ᠬᠠᠨᠤᠮᠵᠢᠳᠡᠢ ᠰᠣᠷᠭᠠᠨ ᠬᠦᠮᠦᠵᠢᠯ ᠢ ᠡᠷᠬᠢᠯᠡᠨ᠎ᠡ᠃    ᠳᠥᠷᠪᠡ᠂ ᠭᠤᠤᠯ ᠪᠣᠯᠬᠤ ᠠᠷᠭ᠎ᠠ ᠬᠡᠮᠵᠢᠶ᠎ᠡ    ᠬᠤᠷᠴᠢᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠰᠤᠷᠭᠠᠭᠤᠯᠢ ᠳᠤ ᠣᠷᠣᠬᠤ ᠳᠤ ︽ᠬᠡᠰᠡᠭ ᠬᠤᠪᠢᠶᠠᠨ ᠰᠣᠷᠣᠭᠴᠢ ᠡᠯᠰᠡᠬᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠲᠥᠷᠥᠯ ᠬᠤᠪᠢᠶᠠᠨ ᠡᠯᠰᠡᠬᠦ᠂ ᠪᠥᠬᠦ ᠶᠠᠪᠤᠴᠠ ᠶᠢ ᠢᠯᠡ ᠪᠠᠶᠢᠯᠭᠠᠬᠤ︾ ᠢᠯᠡ ᠪᠠᠷ ᠰᠣᠷᠣᠭᠴᠢ ᠡᠯᠰᠡᠬᠦ ᠠᠵᠢᠯ ᠤᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠬᠤᠤᠰ ᠰᠦᠯᠵᠢᠶ᠎ᠡ ᠪᠠᠷ ᠬᠢᠨᠠᠨ ᠬᠠᠷᠭᠤᠭᠤᠯᠬᠤ ︵ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︶᠂ ᠰᠠᠯᠭᠠᠨ ᠲᠣᠬᠢᠷᠠᠭᠤᠯᠬᠤ ᠪᠠ ᠳ᠋ᠤᠭᠠᠷᠯᠠᠨ ᠲᠣᠮᠢᠯᠠᠬᠤ ᠵᠡᠷᠭᠡ ᠲᠠᠰ ᠳᠠᠷᠠᠭᠠᠯᠠᠯ ᠢᠶᠠᠷ ᠳᠠᠮᠵᠢᠭᠤᠯᠤᠨ᠂ ︽ᠢᠯᠡ ᠪᠠᠷ ᠰᠣᠷᠣᠭᠴᠢ ᠡᠯᠰᠡᠬᠦ︾ ᠠᠵᠢᠯ ᠢ ᠯᠠᠪᠳᠠᠭᠤᠨ ᠪᠠᠲᠤᠲᠠᠶ ᠂ ᠡᠮᠬᠢ ᠵᠢᠷᠤᠮ ᠲᠠᠢ ᠥᠷᠨᠢᠭᠦᠯᠦᠨ᠎ᠡ᠃    ︵ᠨᠢᠭᠡ︶ ᠬᠤᠲᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦᠭᠤᠤᠯ ᠬᠤᠲᠠ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ︽ᠬᠠᠷᠢᠴᠠᠩᠭᠤᠶ ᠣᠶᠢᠷ᠎ᠠ ᠬᠠᠪᠢ ᠳᠤᠨᠢ᠂ ᠰᠢᠯᠭᠠᠭᠤᠯᠬᠤ ᠦᠭᠡᠶ ᠪᠠᠷ ᠰᠤᠷᠭᠠᠭᠤᠯᠢ ᠳᠤ ᠣᠷᠣᠬᠤ᠂ ᠬᠡᠰᠡᠭ ᠬᠤᠪᠢᠶᠠᠨ ᠰᠤᠷᠤᠭᠴᠢ ᠡᠯᠰᠡᠬᠦ︾ ᠵᠠᠷᠴᠢᠮ ᠤᠨ ᠶᠣᠰᠣᠭᠠᠷ᠂ ᠰᠤᠷᠭᠠᠭᠤᠯᠢ ᠶᠢᠨ ᠲᠣᠭᠤᠷᠢᠭ ᠲᠠᠬᠢ ︽ᠭᠡᠷ ᠪᠠᠶᠢᠰᠢᠩ ᠪᠠ ᠡᠷᠦᠬᠡ ᠨᠢ ᠨᠢᠭᠡᠳᠦᠯᠲᠡᠶ︾ ᠪᠠᠶᠢᠬᠤ ᠶᠢ ᠲᠡᠷᠢᠭᠦᠨ ᠳᠤ ᠲᠠᠯᠪᠢᠵᠤ᠂ ᠭᠡᠷ ᠪᠠᠶᠢᠰᠢᠩ ᠡᠷᠦᠬᠡ ᠨᠢ ᠨᠢᠭᠡᠳᠦᠯ ᠦᠭᠡᠶ ᠪᠣᠯ᠂ ᠥᠪᠡᠷ ᠤᠨ ᠣᠷᠣᠨ ᠰᠠᠭᠤᠴᠠ ᠪᠠᠷ ᠪᠠᠷᠢᠮᠵᠢᠶ᠎ᠠ ᠪᠣᠯᠭᠠᠨ ᠵᠣᠬᠢᠴᠠᠩᠭᠤᠶ ᠰᠤᠷᠭᠠᠭᠤᠯᠢ ᠳᠤ ᠣᠷᠣᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠵᠢᠴᠢ ᠲᠡᠭᠦᠨ ᠤ ᠠᠪᠤ ᠡᠵᠢ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ︶ ᠶᠢᠨ ᠣᠷᠣᠨ ᠰᠠᠭᠤᠴᠠ ᠪᠠ ᠡᠷᠦᠬᠡ ᠠᠮᠠ ᠶᠢᠨ ᠬᠠᠷᠢᠶ᠎ᠠ ᠶᠢᠨ ᠪᠠᠶᠢᠳᠠᠯ ᠢ ᠦᠨᠳᠦᠰᠦᠯᠡᠨ ᠰᠤᠷᠭᠠᠭᠤᠯᠢ ᠨᠢᠭᠡᠪᠦᠷᠢ ᠶᠢᠨ ᠰᠤᠷᠭᠠᠭᠤᠯᠢ ᠶᠢᠨ ᠲᠣᠭᠤᠷᠢᠭ ᠲᠠᠬᠢ ᠰᠤᠷᠤᠭᠴᠢ ᠡᠯᠰᠡᠬᠦ ᠤᠷᠤᠨ ᠲᠤᠭ᠎ᠠ ᠶᠢ ᠲᠠᠪᠤᠨ ᠲᠥᠷᠥᠯ ︵A ᠂ B᠂ C᠂ D᠂ E︶ ᠭᠡᠵᠦ ᠬᠤᠪᠢᠶᠠᠵᠤ᠂ ᠡᠮᠦᠨ᠎ᠡ ᠬᠤᠶᠢᠨ᠎ᠠ ᠳᠡᠰ ᠳᠠᠷᠠᠭᠠᠯᠠᠯ ᠢᠶᠠᠷ ᠨᠢ ᠳᠠᠷᠠᠭᠠᠯᠠᠨ ᠡᠯᠰᠡᠨ᠎ᠡ᠃ ᠲᠥᠷᠥᠯ ᠬᠤᠪᠢᠶᠠᠨ ᠰᠣᠷᠣᠭᠴᠢ ᠡᠯᠰᠡᠬᠦ ᠶᠠᠪᠤᠴᠠ ᠳᠤ᠂ ᠶᠠᠮᠠᠷ ᠨᠢᠭᠡᠨ ᠪᠦᠯᠦᠭ ᠤᠳᠠᠭ᠎ᠠ ᠪᠤᠶᠤ ᠬᠡᠳᠦᠨ ᠪᠦᠯᠦᠭ ᠤᠳᠠᠭ᠎ᠠ ᠨᠡᠷ᠎ᠡ ᠮᠡᠳᠡᠭᠦᠯᠦᠭᠰᠡᠨ ᠰᠣᠷᠣᠭᠴᠢ ᠪᠦᠬᠦᠯᠢ ᠪᠦᠯᠦᠭ ᠤᠳᠠᠭ᠎ᠠ ᠪᠠ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠪᠠᠶᠢᠳᠠᠯ ᠢᠯᠡᠷᠡᠪᠡᠯ᠂ ᠲᠣᠬᠢᠷᠠᠭᠤᠯᠬᠤ᠂ ᠨᠣᠮᠧᠷ ᠲᠠᠲᠠᠬᠤ ᠠᠷᠭ᠎ᠠ ᠮᠠᠶ᠋ᠢᠭ ᠢᠶᠠᠷ ᠰᠠᠯᠭᠠᠨ ᠭᠠᠷᠭᠠᠨ᠎ᠠ᠃ ᠲᠥᠯᠥᠪᠯᠡᠭᠡ ᠠᠴᠠ ᠳᠠᠪᠠᠭᠰᠠᠨ ᠲᠤᠰ ᠪᠦᠯᠦᠭ ᠤᠳᠠᠭ᠎ᠠ ᠶᠢᠨ ᠰᠤᠷᠤᠭᠴᠢ ᠶᠢ ᠬᠤᠭᠤᠰᠣᠨ ᠢᠯᠡᠭᠦᠴᠡ ᠰᠤᠷᠤᠭᠴᠢ ᠡᠯᠰᠡᠬᠦ ᠤᠷᠤᠨ ᠲᠤᠭ᠎ᠠ ᠪᠦᠬᠦᠢ ᠰᠤᠷᠭᠠᠭᠤᠯᠢ ᠪᠤᠶᠤ ᠨᠣᠮᠧᠷ ᠲᠠᠲᠠᠬᠤ ᠬᠡᠯᠪᠡᠷᠢ ᠪᠠᠷ ᠬᠤᠭᠤᠰᠣᠨ ᠢᠯᠡᠭᠦᠴᠡ ᠰᠤᠷᠤᠭᠴᠢ ᠡᠯᠰᠡᠬᠦ ᠤᠷᠤᠨ ᠲᠤᠭ᠎ᠠ ᠲᠠᠢ ᠣᠯᠠᠨ ᠰᠤᠷᠭᠠᠭᠤᠯᠢ ᠳᠤ ᠰᠢᠯᠵᠢᠭᠦᠯᠦᠨ᠎ᠡ᠃    ︵ᠬᠤᠶᠠᠷ︶ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ    ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠬᠤ ᠳᠤ ᠲᠤᠬᠠᠶ ᠶᠢᠨ ᠲᠠᠯᠠᠪᠠᠶ ᠳᠤ ᠨᠡᠷ᠎ᠡ ᠮᠡᠳᠡᠭᠦᠯᠬᠦ ᠪᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠲᠠᠷᠢᠶᠠᠯᠠᠬᠤ ᠣᠷᠣᠨ ᠤ ᠡᠷᠦᠬᠡ ᠠᠮᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠬᠤᠪᠢᠶᠠᠷᠢᠯᠠᠨ ᠲᠣᠭᠲᠠᠭᠠᠭᠰᠠᠨ ᠰᠤᠷᠭᠠᠭᠤᠯᠢ ᠶᠢᠨ ᠲᠣᠭᠤᠷᠢᠭ ᠤᠨ ᠶᠣᠰᠣᠭᠠᠷ᠂ ᠲᠡᠭᠦᠨ ᠤ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠨᠢ ᠲᠣᠭᠲᠠᠭᠰᠠᠨ ᠴᠠᠭ ᠤᠨ ᠳᠣᠲᠣᠷ᠎ᠠ ᠵᠣᠬᠢᠴᠠᠩᠭᠤᠶ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠨ᠎ᠡ᠃ ᠰᠤᠷᠭᠠᠭᠤᠯᠢ ᠠᠴᠠ ᠠᠵᠢᠯᠲᠠᠨ ᠢᠶᠠᠨ ᠵᠣᠬᠢᠶᠠᠨ ᠪᠠᠶᠢᠭᠤᠯᠤᠨ ᠰᠤᠷᠤᠭᠴᠢᠳ ᠤᠨ ᠮᠡᠳᠡᠭᠡ ᠵᠠᠩᠭᠢ ᠶᠢ ᠰᠤᠷᠤᠭᠴᠢ ᠡᠯᠰᠡᠬᠦ ᠲᠠᠪᠴᠠᠩ ᠳᠤ ᠣᠷᠣᠭᠤᠯᠬᠤ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠳᠡᠭᠡᠭᠰᠢ ᠳᠠᠮᠵᠢᠭᠤᠯᠤᠨ᠎ᠠ᠃︵ᠭᠤᠷᠪᠠ︶ ᠣᠨᠴᠠᠭᠠᠢ ᠬᠥᠮᠥᠰ ᠢ ᠬᠠᠯᠠᠮᠵᠢᠯᠠᠨ ᠬᠠᠶᠢᠷᠠᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠨᠠᠶᠢᠳᠠᠪᠤᠷᠢᠵᠢᠭᠤᠯᠤᠨ᠎ᠠ    ᠵᠡᠮᠳᠡᠭ ᠬᠡᠤᠬᠡᠳ ᠤᠨ ᠰᠤᠷᠭᠠᠭᠤᠯᠢ ᠳᠤ ᠣᠷᠣᠬᠤ ᠠᠵᠢᠯ ᠢ ᠴᠢᠬᠤᠯᠠᠴᠢᠯᠠᠵᠤ᠂ ᠬᠠᠮ ᠰᠤᠷᠭᠠᠨ ᠬᠥᠮᠦᠵᠢᠯ ᠢ ᠶᠡᠬᠡᠪᠡᠷ ᠲᠦᠯᠬᠢᠨ ᠠᠬᠢᠭᠤᠯᠵᠤ᠂ ᠬᠥᠩᠭᠡᠪᠲᠦᠷ ᠵᠡᠮᠳᠡᠭ ᠬᠡᠤᠬᠡᠳ᠂ ᠪᠠᠭᠠᠴᠤᠳ ᠢ ᠡᠩ ᠤᠨ ᠰᠤᠷᠭᠠᠭᠤᠯᠢ ᠳᠤ ᠣᠴᠢᠵᠤ ᠠᠩᠭᠢ ᠳᠠᠭᠠᠵᠤ ᠰᠤᠷᠤᠯᠴᠠᠭᠤᠯᠤᠨ᠎ᠠ︔ ᠳᠤᠮᠳᠠ ᠵᠡᠷᠭᠡ ᠶᠢᠨ ᠵᠡᠮᠳᠡᠭ ᠬᠡᠤᠬᠡᠳ᠂ ᠪᠠᠭᠠᠴᠤᠳ ᠢ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠭᠤᠯᠬᠤ ᠬᠡᠷᠡᠭᠲᠡᠶ︔ ᠲᠤᠰᠬᠠᠶ ᠬᠥᠮᠦᠨ ᠠᠰᠠᠷᠠᠨ ᠰᠤᠪᠢᠯᠠᠬᠤ ᠴᠢᠬᠤᠯᠠᠲᠠᠶ᠂ ᠰᠤᠷᠭᠠᠭᠤᠯᠢ ᠳᠤ ᠣᠴᠢᠵᠤ ᠰᠤᠷᠤᠯᠴᠠᠵᠤ ᠳᠡᠶᠢᠯᠬᠦ ᠦᠭᠡᠢ ᠳᠤᠨᠢ ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠠᠷᠭ᠎ᠠ ᠮᠠᠶ᠋ᠢᠭ ᠢ ᠠᠪᠴᠤ᠂ ᠲᠡᠳᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ ᠬᠠᠤᠯᠢ ᠶᠣᠰᠣᠭᠠᠷ ᠪᠠᠲᠤᠯᠠᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠯᠪᠣᠭᠠᠯᠠᠨ ᠡᠵᠡᠮᠳᠡᠵᠦ ᠬᠤᠯᠪᠣᠭᠠᠯᠠᠨ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠶᠠᠳᠠᠭᠤ ᠶᠢ ᠲᠡᠳᠬᠦᠵᠦ ᠰᠤᠷᠤᠯᠭ᠎ᠠ ᠶᠢ ᠲᠡᠳᠬᠦᠬᠦ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ ᠰᠤᠷᠬᠤ ᠨᠠᠰᠤᠨ ᠤ ᠦᠷ᠎ᠡ ᠬᠡᠦᠬᠡᠳ ᠤᠨ ᠴᠠᠭ ᠲᠠᠭᠠᠨ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃    ︵ᠲᠦᠷᠪᠡ︶ ᠠᠰᠠᠷᠠᠨ ᠬᠠᠷᠠᠭᠠᠯᠵᠠᠬᠤ ᠡᠲᠡᠭᠡᠳ    ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠩᠯᠢᠶᠣᠤ ᠬᠤᠲᠠ ᠳᠤ ᠰᠠᠭᠤᠭ᠎ᠠ ᠵᠡᠪᠰᠡᠭᠲᠦ ᠴᠠᠭᠳᠠᠭ᠎ᠠ᠂ ᠴᠡᠷᠢᠭ ᠤᠨ ᠬᠤᠪᠢᠶᠠᠷᠢ ᠲᠣᠭᠤᠷᠢᠭ᠂ ᠬᠤᠷᠴᠢᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠤᠨ ᠦᠷ᠎ᠡ ᠬᠡᠤᠬᠡᠳ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠤᠨ ᠦᠷ᠎ᠡ ᠬᠡᠤᠬᠡᠳ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ᠂ ᠨᠡᠭᠦᠳᠡᠯᠴᠢᠨ ᠤ ᠬᠠᠮᠢᠶᠠᠷᠤᠯᠲᠠ ᠶᠢᠨ ᠡᠩᠨᠡᠭᠡ ᠶᠢᠨ ᠬᠥᠮᠦᠰ ᠤᠨ ᠦᠷ᠎ᠡ ᠬᠡᠤᠬᠡᠳ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠤᠬᠡᠳ ᠢ ᠣᠷᠣᠭᠤᠯᠤᠨ ᠠᠪᠴᠢᠷᠠᠵᠤ᠂ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠳᠡᠭᠡᠷᠡᠬᠢ ᠬᠥᠮᠦᠰ ᠤᠨ ᠦᠷ᠎ᠡ ᠬᠡᠤᠬᠡᠳ ᠨᠢ ᠬᠠᠷᠢᠴᠠᠩᠭᠤᠶ ᠣᠶᠢᠷ᠎ᠠ ᠬᠠᠪᠢ ᠳᠤᠨᠢ᠂ ᠰᠤᠷᠤᠭᠴᠢ ᠡᠯᠰᠡᠬᠦ ᠤᠷᠤᠨ ᠲᠤᠭ᠎ᠠ ᠨᠢ ᠦᠯᠡᠳᠡᠪᠦᠷᠢ ᠲᠠᠢ᠂ ᠰᠤᠷᠤᠯᠴᠠᠬᠤ ᠳᠤ ᠳᠥᠭᠦᠮ ᠦᠵᠡᠭᠦᠯᠬᠦ ᠰᠤᠷᠭᠠᠭᠤᠯᠢ ᠶᠢ ᠰᠣᠩᠭᠤᠵᠤ ᠪᠣᠯᠤᠨ᠎ᠠ᠃    ︵ᠲᠠᠪᠤ︶ ᠲᠡᠩᠴᠡᠬᠦᠷᠢᠳᠠᠢ ᠠᠩᠬᠢ ᠬᠤᠪᠢᠶᠠᠬᠤ    ᠲᠡᠩᠴᠡᠪᠦᠷᠢ ᠲᠠᠢ ᠠᠩᠬᠢ ᠬᠤᠪᠢᠶᠠᠵᠦ ᠲᠡᠩᠴᠡᠭᠦᠷᠢ ᠲᠠᠢ ᠪᠠᠭᠰᠢ ᠲᠤᠬᠢᠷᠠᠭᠤᠯᠬᠤ᠂ ᠰᠢᠨ᠎ᠡ ᠰᠤᠷᠤᠭᠴᠢ ᠲᠠᠰᠢᠷᠠᠮ ᠢᠶᠠᠷ ᠲᠤᠭᠤᠶᠢᠯᠠᠩ ᠬᠤᠪᠢᠶᠠᠬᠤ᠂ ᠠᠩᠭᠢ ᠶᠢᠨ ᠡᠷᠬᠢᠯᠡᠭᠴᠢ ᠲᠤᠬᠠᠶ ᠶᠢᠨ ᠲᠠᠯᠠᠪᠠᠢ ᠳᠤ ᠰᠢᠪᠠᠭ᠎ᠠ ᠰᠤᠭᠤᠯᠬᠤ ᠭᠤᠷᠪᠠᠨ ᠭᠤᠭᠴᠤᠭ᠎ᠠ ᠪᠠᠷ ᠲᠠᠮᠵᠢᠨ᠂ ᠡᠴᠦᠰ ᠲᠡᠭᠡᠨ ᠠᠩᠭᠢ ᠬᠤᠪᠢᠶᠠᠭᠰᠠᠨ ᠦᠷ᠎ᠡ ᠳ᠋ᠦᠩ ᠢ   ᠲᠤᠭᠲᠠᠭᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号