ᠡᠨᠡ ᠵᠢᠯ᠂ ᠬᠤᠷᠴᠢᠨ ᠲᠣᠭᠤᠷᠢᠭ ᠤᠨ ᠬᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ | ᠥᠷᠨᠢᠭᠦᠯᠬᠦ ᠳᠡᠭᠡᠨ᠂ ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ | ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠲᠠᠪᠤᠨ ᠠᠬᠠᠮᠠᠳ︾ ᠤᠨ ᠳᠠᠪᠠᠭᠤᠯᠢᠭ ᠪᠣᠯᠣᠨ | ᠦᠢᠯᠡᠳᠦᠯ ᠢ ᠪᠠᠳᠠᠷᠠᠭᠤᠯᠬᠤ ᠶᠢᠨ ᠭᠠᠷᠳᠠᠬᠤ ᠴᠡᠭ᠂ ᠬᠦᠴᠦᠯᠡᠬᠦ ᠴᠡᠭ ᠢ ᠦᠨᠡᠨᠬᠦ ᠣᠨᠣᠪᠴᠢᠲᠠᠢ ᠡᠷᠢᠨ ᠣᠯᠵᠤ᠂ | ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠡᠭᠦᠨ ᠤ ᠬᠠᠮᠲᠤ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠵᠠᠯᠠᠭᠤᠴᠤᠳ ᠪᠠᠭᠠᠴᠤᠳ ᠢ | ᠤᠬᠠᠮᠰᠠᠷ ᠠᠴᠠ ᠪᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠡᠶᠡᠯᠡᠭᠦᠯᠬᠦ ᠲᠡᠦᠬᠡᠲᠦ ᠡᠭᠦᠷᠭᠡ ᠶᠢ ᠡᠭᠦᠷᠭᠡᠯᠡᠭᠦᠯᠬᠦ ᠪᠠᠷ ᠰᠤᠷᠭᠠᠨ ᠬᠥᠮᠥᠵᠢᠭᠦᠯᠦᠨ᠎ᠡ᠃ | |