ᠡᠨᠡ ᠵᠢᠯ᠂ ᠬᠤᠷᠴᠢᠨ ᠲᠣᠭᠤᠷᠢᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠳᠤᠮᠳᠠ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠠᠵᠢᠯ ᠢ | ᠰᠠᠶᠢᠨ ᠮᠡᠳᠡᠳᠡᠭ᠂ ᠡᠭᠦᠳᠦᠨ ᠪᠠᠶᠢᠭᠤᠯᠬᠤ ᠲᠤᠷᠰᠢᠯᠭ᠎ᠠ ᠪᠠᠷ ᠪᠠᠶᠠᠯᠢᠭ ᠬᠥᠮᠥᠰ ᠢᠶᠠᠷ ᠪᠦᠷᠢᠯᠳᠦᠭᠰᠡᠨ ᠠᠵᠢᠯ ᠤᠨ | ᠲᠤᠰᠬᠠᠢ ᠠᠩᠭᠢ ᠪᠠᠶᠢᠭᠤᠯᠵᠤ᠂ ᠡᠭᠦᠳᠦᠨ ᠪᠠᠶᠢᠭᠤᠯᠬᠤ ᠡᠭᠦᠷᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ | ᠰᠢᠪᠠᠳᠠᠨ ᠵᠢᠯᠤᠭᠤᠳᠬᠤ ᠵᠡᠷᠭᠡ ᠠᠵᠢᠯ ᠢ ᠶᠠᠪᠤᠭᠳᠠᠭᠤᠯᠵᠠᠢ᠃ ᠡᠭᠦᠨ ᠤ ᠬᠠᠮᠲᠤ᠂ ᠤᠬᠠᠭᠤᠯᠭ᠎ᠠ ᠶᠢ ᠴᠢᠩᠭᠠᠳᠬᠠᠵᠤ᠂ | ᠡᠭᠦᠳᠦᠨ ᠪᠠᠶᠢᠭᠤᠯᠬᠤ ᠠᠵᠢᠯ ᠤᠨ ᠬᠥᠳᠡᠯᠦᠯ ᠪᠠᠶᠢᠳᠠᠯ ᠪᠠ ᠦᠷ᠎ᠡ ᠪᠦᠲᠦᠭᠡᠯ ᠢ ᠪᠠᠶᠢᠩᠭᠤᠵᠢᠭᠤᠯᠤᠨ ᠮᠡᠳᠡᠭᠡᠯᠡᠵᠦ᠂ | ᠥᠪᠡᠷᠮᠢᠴᠡ ᠣᠨᠴᠠᠯᠢᠭ ᠲᠠᠢ ᠤᠬᠠᠭᠤᠯᠭ᠎ᠠ ᠶᠢᠨ ᠮᠠᠲ᠋ᠧᠷᠢᠶᠠᠯ ᠢ ᠨᠠᠷᠢᠨ ᠨᠢᠮᠪᠠᠢ ᠵᠣᠬᠢᠶᠠᠵᠤ᠂ ᠤᠬᠠᠭᠤᠯᠭ᠎ᠠ ᠶᠢᠨ | ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠡᠭᠦᠨ ᠠᠴᠠ ᠭᠠᠳᠠᠨ᠎ᠠ᠂ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ | ᠡᠷᠭᠢᠯᠡᠵᠦ᠂ ᠣᠨᠣᠯ ᠤᠨ ᠮᠡᠳᠡᠯᠭᠡ ᠶᠢᠨ ᠥᠷᠢᠰᠦᠯᠳᠦᠭᠡᠨ ᠤ ᠠᠵᠢᠯᠯᠠᠭ᠎ᠠ ᠶᠢ ᠥᠷᠨᠢᠭᠦᠯᠦᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠭᠦᠳᠦᠨ ᠪᠠᠶᠢᠭᠤᠯᠬᠤ ᠠᠵᠢᠯ ᠤᠨ ᠲᠤᠬᠠᠢ ᠲᠠᠨᠢᠯᠲᠠ ᠶᠢᠨ ᠬᠡᠮᠵᠢᠶ᠎ᠡ | ᠪᠠ ᠣᠷᠣᠯᠴᠠᠬᠤ ᠬᠡᠮᠵᠢᠶ᠎ᠡ ᠶᠢ ᠪᠥᠬᠦ ᠲᠠᠯ᠎ᠠ ᠪᠠᠷ ᠲᠡᠭᠡᠭᠰᠢᠯᠡᠭᠦᠯᠦᠨ᠎ᠡ᠃ | |