ᠠᠵᠤ ᠠᠬᠤᠶ ᠶᠢᠨ ᠲᠤᠭ᠎ᠠ  ᠪᠠᠷᠢᠮᠳᠠ᠄  2024 ᠣᠨ ᠤ 1 - 5 ᠰᠠᠷ᠎ᠠ ᠶᠢᠨ ᠬᠤᠷᠴᠢᠨ ᠲᠣᠭᠤᠷᠢᠭ ᠤᠨ ᠠᠵᠤ ᠠᠬᠤᠶ ᠶᠢᠨ ᠨᠡᠮᠡᠭᠳᠡᠯ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/6/21
      ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠪᠦᠬᠦ ᠣᠷᠣᠨ ᠤ ᠠᠵᠤ ᠠᠬᠤᠢ ᠳᠡᠭᠡᠭᠰᠢᠯᠡᠵᠦ ᠰᠠᠶᠢᠵᠢᠷᠠᠬᠤ᠂ ᠦᠷᠭᠦᠯᠵᠢᠯᠡᠨ ᠨᠡᠮᠡᠭᠳᠡᠬᠦ ᠪᠠᠶᠢᠳᠠᠯ ᠢᠯᠡᠷᠡᠵᠡᠢ᠃      ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠠᠵᠢᠯᠯᠠᠭᠠᠨ ᠰᠠᠶᠢᠨ ᠪᠠᠶᠢᠨ᠎ᠠ      1 - 5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.0% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.5 ᠵᠠᠭᠤᠨ ᠤ ᠴᠡᠭ ᠲᠦᠷᠭᠡᠳᠪᠡ᠃ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 47.3% ᠪᠠᠷ ᠨᠡᠮᠡᠭᠳᠡᠵᠦ᠂ ᠦᠶ᠋ᠯᠡᠳᠬᠦ ᠦᠶ᠋ᠯᠡᠰ ᠠᠳᠠᠯᠢ ᠬᠤᠭᠤᠴᠠᠭᠠᠨ ᠤ ᠬᠢ ᠠᠴᠠ 22.1% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠶ᠋ᠯᠡᠳᠪᠦᠷᠢᠯᠡᠯ ᠪᠠ ᠬᠠᠩᠭᠠᠯᠭ᠎ᠠ ᠶᠢᠨ ᠦᠶ᠋ᠯᠡᠰ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 2.0% ᠨᠡᠮᠡᠭᠳᠡᠵᠦ᠂ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 11.9% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ 2.9% ᠨᠡᠮᠡᠭᠳᠡᠪᠡ᠃ ᠠᠵᠤ ᠠᠬᠤᠶ ᠶᠢᠨ ᠪᠠᠶᠢᠳᠠᠯ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ 96.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.7% ᠪᠠᠷ ᠨᠡᠮᠡᠭᠳᠡᠨ᠂ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 6.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠪᠡ᠃      ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠲᠡᠢ      1 - 5 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 103.5% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 36.4 ᠵᠠᠭᠤᠨ ᠤ ᠴᠡᠭ ᠳᠡᠭᠡᠭᠰᠢᠯᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 158.6% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 54.7% ᠪᠠᠷ ᠪᠠᠭᠤᠷᠠᠪᠠ᠃ ᠭᠤᠷᠪᠠᠨ ᠶᠡᠭᠡ ᠬᠦᠷᠢᠶ᠎ᠡ ᠴᠠᠷᠠᠭ᠎ᠠ ᠠᠴᠠ ᠦᠵᠡᠪᠡᠯ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.2% ᠢᠶᠠᠷ ᠪᠠᠭᠤᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ 55.8% ᠪᠠᠷ ᠪᠠᠭᠤᠷᠠᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1888.3% ᠪᠠᠷ ᠨᠡᠮᠡᠭᠳᠡᠪᠡ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠰᠠᠶᠢᠵᠢᠷᠠᠪᠠ      1 - 5 ᠳ᠋ᠤᠭᠠᠷ ᠰᠠᠷ᠎ᠠ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠲᠤᠭ᠎ᠠ 24.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.3 ᠵᠠᠭᠤᠨ ᠤ ᠴᠡᠭ ᠳᠡᠭᠡᠭᠰᠢᠯᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 7.5% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ 2.0% ᠪᠠᠭᠤᠷᠠᠪᠠ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠢᠳᠡᠭᠡᠨ ᠤᠮᠳᠠᠭᠠᠨ ᠤ ᠣᠷᠣᠯᠭ᠎ᠠ 2.4% ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ 6.8% ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠰᠠᠶᠢᠨ ᠪᠠᠶᠢᠵᠤ᠂ ᠠᠮᠤ ᠪᠤᠳᠠᠭ᠎ᠠ ᠲᠣᠰᠣ᠂ ᠢᠳᠡᠭᠡᠨ ᠤ ᠲᠥᠷᠥᠯ ᠤᠨ ᠲᠥᠷᠥᠯ 5.3% ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠶ᠋ᠯ ᠤᠨ ᠲᠥᠷᠥᠯ 7.6% ᠨᠡᠮᠡᠭᠳᠡᠪᠡ᠃ ᠳᠡᠰ ᠳᠡᠪᠰᠢᠬᠦ ᠲᠥᠷᠥᠯ ᠤᠨ ᠲᠠᠸᠠᠷ ᠤᠨ ᠪᠣᠷᠣᠯᠠᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ 95.2% ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠳᠤ ᠬᠡᠷᠡᠭᠯᠡᠬᠦ ᠡᠳ᠋ ᠤᠨ ᠲᠥᠷᠥᠯ 79.6% ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 171.2% ᠨᠡᠮᠡᠭᠳᠡᠵᠦ᠂ ᠴᠢᠯᠠᠭᠤᠨ ᠲᠣᠰᠣᠨ ᠤ ᠪᠦᠲᠦᠭᠡᠭᠳᠡᠬᠦᠨ ᠤ ᠲᠥᠷᠥᠯ 9.4% ᠨᠡᠮᠡᠭᠳᠡᠪᠡ᠃      ᠶᠡᠷᠦᠩᠬᠡᠶ ᠳᠤᠨᠢ ᠠᠪᠴᠤ ᠦᠵᠡᠪᠡᠯ᠂ 1 - 5 ᠳ᠋ᠤᠭᠠᠷ ᠰᠠᠷ᠎ᠠ ᠳᠤ ᠬᠤᠷᠴᠢᠨ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠰᠠᠶᠢᠨ ᠪᠠᠶᠢᠵᠤ᠂ ᠠᠵᠤ ᠦᠢᠯᠡᠳᠪᠦᠷᠢ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠵᠠᠬ᠎ᠠ ᠳᠡᠯᠭᠡᠭᠦᠷ ᠤᠨ ᠬᠡᠷᠡᠭᠯᠡᠭᠡ ᠴᠥᠮ ᠯᠠᠪᠳᠠᠭᠤᠨ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠪᠠᠨ ᠪᠠᠲᠤᠯᠠᠪᠠ᠃ ᠲᠠᠷᠠᠭᠠᠴᠢ ᠶᠢᠨ ᠱᠠᠲᠤᠨ ᠳᠤ᠂ ᠪᠥᠬᠦ ᠣᠷᠣᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号