ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠥᠷ ᠮᠣᠩᠭᠤᠯ ᠪᠣᠯᠤᠨ ᠲᠦᠩᠯᠢᠶᠣᠤ ᠬᠤᠳᠠ ᠶᠢᠨ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠡᠷᠦᠩᠬᠡᠢ ᠳᠡᠭᠡᠨ ᠲᠣᠭᠲᠠᠭᠤᠨ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠠᠬᠢᠭᠤᠯᠪᠠ᠃ | ᠳᠡᠭᠡᠷ᠎ᠡ ᠬᠠᠭᠠᠰ ᠵᠢᠯ ᠳᠤ᠂ ᠬᠤᠷᠴᠢᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠷᠠᠳ ᠤᠨ | ᠡᠵᠡᠩᠨᠡᠯᠲᠡ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ 43.9% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 28.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | 11% ᠶᠢ ᠳᠠᠶᠢᠴᠢᠯᠠᠵᠤ᠂ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠴᠠ 16.2 ᠵᠠᠭᠤᠨ ᠤ ᠴᠡᠭ ᠲᠦᠷᠭᠡᠨ ᠨᠡᠮᠡᠭᠳᠡᠪᠡ᠃ ᠡᠵᠡᠩᠨᠡᠯᠲᠡ ᠶᠢᠨ ᠪᠠᠶᠢᠳᠠᠯ ᠠᠴᠠ ᠦᠵᠡᠪᠡᠯ᠂ | ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 88.46 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ 77.74% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 33.1% ᠪᠠᠷ ᠨᠡᠮᠡᠭᠳᠡᠪᠡ᠃ ᠪᠣᠷᠣᠯᠠᠭᠤᠯᠭ᠎ᠠ ᠠᠴᠠ ᠦᠵᠡᠪᠡᠯ᠂ ᠬᠡᠪᠴᠢᠶᠡᠵᠢᠯ ᠠᠴᠠ | ᠳᠡᠭᠡᠭᠰᠢᠬᠢ ᠠᠷᠠᠳ ᠤᠨ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ | ᠪᠣᠷᠣᠯᠠᠭᠤᠯᠭ᠎ᠠ ᠶᠢᠨ ᠨᠤᠷᠮ᠎ᠠ 98.0% ᠪᠠᠶᠢᠵᠤ᠂ ᠪᠦᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ ᠠᠴᠠ 0.4 ᠵᠠᠭᠤᠨ ᠤ ᠴᠡᠭ ᠳᠣᠣᠷ᠎ᠠ ᠪᠠᠶᠢᠨ᠎ᠠ᠃ | ᠳᠡᠭᠡᠷ᠎ᠡ ᠬᠠᠭᠠᠰ ᠵᠢᠯ ᠳᠤ᠂ ᠬᠤᠷᠴᠢᠨ ᠲᠣᠭᠤᠷᠢᠭ ᠤᠨ ᠠᠷᠠᠳ ᠤᠨ ᠬᠤᠭᠤᠷᠣᠨᠳᠣᠬᠢ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 11.3% ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ 24.3 ᠵᠠᠭᠤᠨ ᠤ | ᠨᠢᠭᠡᠴᠢ ᠪᠠᠭᠠᠰᠴᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠤᠪᠢ ᠶᠢᠨ ᠵᠢᠩ 39.3% ᠪᠣᠯᠵᠣ | ᠂ ᠨᠡᠮᠡᠭᠳᠡᠯ ᠤᠨ ᠬᠤᠷᠳᠤᠴᠠ ᠨᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠴᠠ 98.8 ᠵᠠᠭᠤᠨ ᠤ ᠴᠡᠭ | ᠳᠤᠤᠷ᠎ᠠ ᠪᠣᠯᠪᠠ᠃ ᠠᠵᠢᠯ ᠲᠥᠷᠥᠯ ᠤᠨ ᠲᠠᠷᠬᠠᠯᠲᠠ ᠠᠴᠠ ᠦᠵᠡᠪᠡᠯ᠂ ᠦᠢᠯᠡᠳᠬᠦ ᠦᠢᠯᠡᠰ ᠤᠨ ᠠᠷᠠᠳ ᠤᠨ ᠪᠡᠯᠡ | ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 89.4% ᠳᠤ ᠬᠦᠷᠴᠦ᠂ ᠠᠷᠠᠳ ᠤᠨ ᠪᠡᠯᠡ | ᠣᠷᠣᠭᠤᠯᠤᠯᠲᠠ ᠳᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠵᠡᠯᠡᠬᠦ ᠬᠤᠪᠢ ᠶᠢᠨ ᠵᠢᠩ 10.1% | ᠪᠣᠯᠪᠠ᠃ | ᠳᠡᠭᠡᠷ᠎ᠡ ᠬᠠᠭᠠᠰ ᠵᠢᠯ ᠳᠤ᠂ ᠬᠤᠷᠴᠢᠨ ᠲᠣᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 1.6% ᠪᠠᠷ ᠪᠠᠭᠤᠷᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3.4 ᠵᠠᠭᠤᠨ ᠤ ᠨᠢᠭᠡᠴᠢ ᠠᠴᠠ | ᠳᠣᠤᠷ᠎ᠠ ᠪᠠᠶᠢᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 64. | 8% ᠶᠢ ᠡᠵᠡᠯᠡᠪᠡ᠃ | 1 - 5 ᠰᠠᠷ᠎ᠠ ᠳᠤ᠂ ᠬᠤᠷᠴᠢᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠷᠠᠳ ᠤᠨ | ᠡᠵᠡᠩᠨᠡᠯᠲᠡ ᠶᠢᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 31 ᠪᠣᠯᠵᠣ᠂ ᠪᠥᠬᠦ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠲᠤᠭ᠎ᠠ ᠶᠢᠨ 68.9% ᠶᠢ ᠡᠵᠡᠯᠡᠪᠡ︔ | ᠡᠵᠡᠩᠨᠡᠯᠲᠡ ᠶᠢᠨ ᠣᠷᠣᠯᠭ᠎ᠠ ᠶᠢ 5.18 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 3. 6% ᠶᠢ ᠡᠵᠡᠯᠡᠪᠡ︔ | ᠠᠷᠠᠳ ᠤᠨ ᠡᠵᠡᠩᠨᠡᠯᠲᠡ ᠶᠢᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 4.4% ᠨᠡᠮᠡᠭᠳᠡᠪᠡ᠃ |