ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ ᠪᠦᠬᠦ | ᠬᠦᠴᠦᠨ ᠢᠶᠠᠷ ᠢᠶᠠᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠤ ᠦᠢᠯᠡᠳᠪᠦᠷᠢ᠂ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠡᠷᠡᠭᠯᠡᠭᠡᠨ ᠤ ᠵᠠᠬ᠎ᠠ | ᠳᠡᠯᠭᠡᠭᠦᠷ ᠨᠡᠯᠢᠶᠡᠳ ᠲᠦᠷᠭᠡᠨ ᠳᠡᠭᠡᠭᠰᠢᠯᠡᠵᠦ᠂ ᠠᠵᠤ ᠠᠬᠤᠢ ᠶᠢᠨ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠪᠦᠬᠦ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠵᠤ᠂ ᠨᠡᠮᠡᠭᠳᠡᠯ ᠤᠨ | ᠪᠠᠶᠢᠳᠠᠯ ᠰᠠᠶᠢᠨ ᠪᠠᠶᠢᠨ᠎ᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠢᠯᠯᠠᠭᠠᠨ ᠰᠠᠶᠢᠨ ᠪᠠᠶᠢᠨ᠎ᠠ | 1 - 7 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.1% ᠨᠡᠮᠡᠭᠳᠡᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 13.4 ᠵᠠᠭᠤᠨ ᠤ ᠴᠡᠭ ᠲᠦᠷᠭᠡᠳᠪᠡ᠃ ᠭᠤᠷᠪᠠᠨ ᠲᠣᠮᠣ ᠲᠥᠷᠥᠯ ᠠᠴᠠ | ᠦᠵᠡᠪᠡᠯ᠂ ᠠᠭᠤᠷᠬᠠᠶ ᠮᠠᠯᠲᠠᠬᠤ ᠤᠢᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 37. | 3% ᠪᠠᠷ ᠨᠡᠮᠡᠭᠳᠡᠵᠦ᠂ ᠤᠢᠢᠯᠡᠳᠬᠦ ᠤᠢᠢᠯᠡᠰ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠵᠦ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠤᠢᠢᠯᠡᠳᠪᠦᠷᠢᠯᠡᠯ ᠪᠠ | ᠬᠠᠩᠭᠠᠯᠭ᠎ᠠ ᠶᠢᠨ ᠤᠢᠢᠯᠡᠰ ᠠᠳᠠᠯᠢ ᠬᠤᠭᠤᠴᠠᠭᠠᠨ ᠤ ᠬᠢ ᠠᠴᠠ 1.0% ᠪᠠᠷ ᠨᠡᠮᠡᠭᠳᠡᠪᠡ᠃ ᠠᠵᠤ ᠠᠬᠤᠶ ᠶᠢᠨ | ᠲᠥᠷᠥᠯ ᠬᠡᠯᠪᠡᠷᠢ ᠠᠴᠠ ᠦᠵᠡᠪᠡᠯ᠂ ᠬᠤᠪᠢᠴᠠᠭᠠᠳᠤ ᠲᠦᠷᠢᠮ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 11.8% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ | ᠣᠣᠮᠧᠨ ᠲᠠᠶᠢᠸᠠᠨ ᠤ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠵᠤ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 66.8% ᠪᠠᠷ ᠨᠡᠮᠡᠭᠳᠡᠪᠡ᠃ ᠠᠵᠤ ᠠᠬᠤᠶ ᠶᠢᠨ | ᠪᠠᠶᠢᠳᠠᠯ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ | 130.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.4 % ᠪᠠᠷ | ᠨᠡᠮᠡᠭᠳᠡᠨ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 8.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 20.9 % ᠪᠠᠷ ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ | 1 - 7 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 115.8% ᠪᠠᠷ ᠨᠡᠮᠡᠭᠳᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 41 ᠵᠠᠭᠤᠨ ᠤ ᠴᠡᠭ ᠳᠡᠭᠡᠭᠰᠢᠯᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.2 % ᠢᠶᠠᠷ | ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 168. | 2 % ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 43.5 % ᠪᠠᠷ ᠪᠠᠭᠤᠷᠠᠪᠠ᠃ ᠭᠤᠷᠪᠠᠨ ᠶᠡᠭᠡ ᠬᠦᠷᠢᠶ᠎ᠡ ᠴᠠᠷᠠᠭ᠎ᠠ ᠠᠴᠠ ᠠᠪᠴᠤ | ᠦᠵᠡᠪᠡᠯ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.4% ᠪᠠᠷ | ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 42.8% ᠪᠠᠷ ᠪᠠᠭᠤᠷᠠᠵᠤ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 1372.1% ᠪᠠᠷ ᠨᠡᠮᠡᠭᠳᠡᠪᠡ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠨᠡᠯᠢᠶᠡᠳ ᠲᠦᠷᠭᠡᠨ ᠳᠡᠭᠡᠭᠰᠢᠯᠡᠪᠡ | 1 - 7 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠲᠤᠭ᠎ᠠ 33.63 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠨ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 28 ᠵᠠᠭᠤᠨ ᠤ ᠴᠡᠭ ᠲᠦᠷᠭᠡᠳᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ | ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 9. | 4% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4. | 2% ᠢᠶᠠᠷ ᠪᠠᠭᠤᠷᠠᠪᠠ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠢᠳᠡᠭᠡᠨ ᠤᠮᠳᠠᠭᠠᠨ ᠤ ᠣᠷᠣᠯᠭ᠎ᠠ 56. | 7% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠬᠤ ᠨᠡᠮᠡᠭᠳᠡᠯ 7.7% ᠪᠠᠷ ᠨᠡᠮᠡᠭᠳᠡᠪᠡ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠥᠷᠲᠡᠭ ᠠᠴᠠ | ᠦᠵᠡᠪᠡᠯ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠤᠯᠲᠠ ᠲᠣᠭᠲᠠᠭᠤᠨ ᠢᠶᠠᠷ ᠨᠡᠮᠡᠭᠳᠡᠵᠦ | ᠂ ᠠᠮᠤ ᠲᠣᠰᠣ᠂ ᠢᠳᠡᠭᠡᠨ ᠤ ᠲᠥᠷᠥᠯ 9.3% ᠪᠠᠷ ᠨᠡᠮᠡᠭᠳᠡᠵᠦ᠂ ᠬᠤᠪᠴᠠᠰᠤ ᠬᠤᠨᠠᠷ᠂ ᠮᠠᠯᠠᠭᠠᠢ ᠱᠠᠬᠠᠶ᠂ | ᠨᠡᠬᠡᠮᠡᠯ ᠤᠨ ᠲᠥᠷᠥᠯ 3.9% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ 15.1% ᠪᠠᠷ | ᠨᠡᠮᠡᠭᠳᠡᠪᠡ᠃ ᠳᠡᠰ ᠳᠡᠪᠰᠢᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠢᠶᠠᠷ ᠨᠡᠮᠡᠭᠳᠡᠵᠦ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ 95.3% ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ | ᠴᠡᠩᠭᠡᠯ ᠳᠤ ᠬᠡᠷᠡᠭᠯᠡᠬᠦ ᠡᠳ᠋ ᠤᠨ ᠲᠥᠷᠥᠯ 60.5% ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ | ᠲᠥᠷᠥᠯ 192.3% ᠨᠡᠮᠡᠭᠳᠡᠵᠦ᠂ ᠴᠢᠯᠠᠭᠤᠨ ᠲᠣᠰᠣᠨ ᠤ ᠪᠦᠲᠦᠭᠡᠭᠳᠡᠬᠦᠨ ᠤ ᠲᠥᠷᠥᠯ 8.5% ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ 1 - 7 ᠳ᠋ᠤᠭᠠᠷ ᠰᠠᠷ᠎ᠠ ᠳᠤ ᠬᠤᠷᠴᠢᠨ ᠲᠣᠭᠤᠷᠢᠭ ᠤᠨ ᠠᠵᠤ | ᠠᠬᠤᠶ ᠶᠢᠨ ᠠᠵᠢᠯᠯᠠᠭᠠᠨ ᠲᠣᠭᠲᠠᠭᠤᠨ ᠪᠠᠶᠢᠵᠤ᠂ ᠨᠡᠮᠡᠭᠳᠡᠯ ᠤᠨ ᠬᠠᠨᠳᠤᠰᠢ ᠮᠠᠰᠢ ᠰᠠᠶᠢᠨ ᠪᠠᠶᠢᠨ᠎ᠠ᠃ | ᠲᠠᠷᠠᠭᠠᠴᠢ ᠶᠢᠨ ᠱᠠᠲᠤᠨ ᠳᠤ᠂ ᠪᠥᠬᠦ ᠲᠣᠭᠤᠷᠢᠭ ᠢᠶᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠪᠣᠯᠤᠨ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ | ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠬᠥᠭᠵᠢᠯᠲᠡ ᠶᠢᠨ ᠢᠲᠡᠭᠡᠯ ᠢ ᠬᠥᠪᠴᠢᠯᠡᠵᠦ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠥᠳᠡᠯᠭᠡᠬᠦ ᠡᠨᠧᠷᠭᠢ ᠶᠢ ᠲᠠᠰᠤᠷᠠᠯᠲᠠ ᠥᠬᠡᠶ ᠬᠤᠷᠠᠮᠳᠤᠭᠤᠯᠤᠨ᠎ᠠ᠃ | |