ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠳᠠᠯᠳᠠ ᠬᠡᠮ ᠲᠥᠪᠯᠡᠷᠡᠭᠰᠡᠨ ᠣᠷᠣᠨ ᠪᠦᠰᠡ᠂ | ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠥᠨᠢ ᠪᠠᠷ ᠲᠣᠭᠤᠷᠢᠨ ᠪᠠᠶᠢᠴᠠᠭᠠᠬᠤ ᠪᠠᠶᠢᠩᠭᠤᠵᠢᠭᠰᠠᠨ ᠲᠣᠭᠲᠠᠴᠠ ᠶᠢ | ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠬᠤ᠂ ᠳᠣᠲᠣᠭᠠᠳᠤ ᠶᠢ | ᠬᠠᠮᠠᠭᠠᠯᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ︽ᠪᠥᠬᠦ | ᠬᠡᠯᠬᠢᠶ᠎ᠡ︾ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ᠃ ᠡᠭᠦᠨ ᠤ ᠬᠠᠮᠲᠤ᠂ ᠨᠡᠶᠢᠭᠡᠮ | ᠲᠣᠭᠤᠷᠢᠭ ᠲᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ | ᠲᠤᠰᠬᠠᠶ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ LED ᠲᠣᠮᠣ ᠳᠡᠯᠭᠡᠴᠡ ᠳᠤ ᠭᠠᠯ ᠤᠨ ᠠᠶᠤᠯ ᠢ | ᠰᠡᠷᠭᠡᠶᠢᠯᠡᠬᠦ ᠤᠬᠠᠭᠤᠯᠭ᠎ᠠ ᠶᠢᠨ ᠹᠢᠯᠢᠮ ᠵᠢᠴᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠮᠤᠷ ᠲᠦᠪᠰᠢᠨ ᠢᠶᠠᠷ | ᠵᠣᠭᠰᠣᠭᠠᠵᠤ ᠲᠠᠯᠪᠢᠬᠤ᠂ ᠴᠠᠬᠢᠯᠭᠠᠨ ᠴᠡᠨᠡᠭᠯᠡᠬᠦ ᠵᠡᠷᠭᠡ ᠶᠡᠷᠦ ᠶᠢᠨ ᠮᠡᠳᠡᠯᠭᠡ ᠶᠢ ᠨᠡᠪᠲᠡᠷᠡᠭᠦᠯᠵᠦ᠂ ᠤᠯᠠᠨ ᠲᠦᠮᠡᠨ ᠢ | ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠡᠳᠦᠷ ᠲᠤᠳᠤᠮ ᠤᠨ ᠠᠮᠢᠳᠤᠷᠠᠯ ᠤᠨ ᠳᠤᠮᠳᠠ ᠴᠠᠬᠢᠯᠭᠠᠨ | ᠬᠥᠳᠡᠯᠭᠡᠭᠦᠷᠲᠦ ᠲᠡᠷᠭᠡ ᠬᠤᠳᠠᠯᠳᠤᠨ ᠠᠪᠬᠤ ᠪᠠ ᠬᠡᠷᠡᠭᠯᠡᠬᠦ ᠶᠢ ᠵᠢᠷᠤᠮᠵᠢᠭᠤᠯᠵᠤ᠂ ᠠᠮᠤᠷ ᠲᠦᠪᠰᠢᠨ ᠤ ᠦᠵᠡᠯ | ᠤᠬᠠᠮᠰᠠᠷ ᠢ ᠨᠢ ᠳᠡᠭᠡᠭᠰᠢᠯᠡᠭᠦᠯᠦᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ | ᠃ |