ᠠᠵᠤ ᠠᠬᠤᠶ ᠶᠢᠨ ᠲᠤᠭ᠎ᠠ  ᠪᠠᠷᠢᠮᠳᠠ᠄  2024 ᠣᠨ ᠤ 1 - 8 ᠰᠠᠷ᠎ᠠ ᠶᠢᠨ ᠬᠤᠷᠴᠢᠨ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2024/9/24
      ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠳᠣᠬᠠᠨ ᠤ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠦᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃      ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠨ᠎ᠠ      1 - 8 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.7% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.2 ᠵᠠᠭᠤᠨ ᠤ ᠴᠡᠭ ᠲᠦᠷᠭᠡᠳᠪᠡ᠃ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 35.5% ᠪᠠᠷ ᠨᠡᠮᠡᠭᠳᠡᠵᠦ᠂ ᠤᠢᠢᠯᠡᠳᠬᠦ ᠤᠢᠢᠯᠡᠰ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠤᠢᠢᠯᠡᠳᠪᠦᠷᠢᠯᠡᠯ ᠪᠠ ᠬᠠᠩᠭᠠᠯᠭ᠎ᠠ ᠶᠢᠨ ᠤᠢᠢᠯᠡᠰ ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠪᠠ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠬᠤᠪᠢᠴᠠᠭᠠᠳᠤ ᠲᠦᠷᠢᠮ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.3% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.9% ᠪᠠᠭᠤᠷᠠᠵᠤ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 70.0% ᠨᠡᠮᠡᠭᠳᠡᠪᠡ᠃ ᠠᠵᠤ ᠠᠬᠤᠶ ᠶᠢᠨ ᠪᠠᠶᠢᠳᠠᠯ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ 147.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.8% ᠪᠠᠷ ᠨᠡᠮᠡᠭᠳᠡᠨ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 8.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠃      ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠲᠡᠢ      1 - 8 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 115.9% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 72.8 ᠵᠠᠭᠤᠨ ᠤ ᠴᠡᠭ ᠳᠡᠭᠡᠭᠰᠢᠯᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 166.1% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.8% ᠪᠠᠷ ᠪᠠᠭᠤᠷᠠᠪᠠ᠃ ᠭᠤᠷᠪᠠᠨ ᠶᠡᠭᠡ ᠬᠦᠷᠢᠶ᠎ᠡ ᠴᠠᠷ᠎ᠠ ᠠᠴᠠ ᠠᠪᠴᠤ ᠦᠵᠡᠪᠡᠯ᠂ ᠤᠢᠢᠯᠡᠳᠬᠦ ᠤᠢᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24.9% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 45.6% ᠪᠠᠷ ᠪᠠᠭᠤᠷᠠᠵᠤ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1259.7% ᠪᠠᠷ ᠨᠡᠮᠡᠭᠳᠡᠪᠡ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠳᠡᠭᠡᠭᠰᠢᠯᠡᠪᠡ      1 - 8 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 38.73 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.1 ᠵᠠᠭᠤᠨ ᠤ ᠴᠡᠭ ᠲᠦᠷᠭᠡᠳᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.2% ᠢᠶᠠᠷ ᠪᠠᠭᠤᠷᠠᠪᠠ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠬᠤ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠦᠷᠳᠡᠭ ᠠᠴᠠ ᠦᠵᠡᠪᠡᠯ᠂ ᠬᠡᠰᠡᠭ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠣᠭᠲᠠᠭᠤᠨ ᠢᠶᠠᠷ ᠨᠡᠮᠡᠭᠳᠡᠵᠦ᠂ ᠠᠮᠤ ᠲᠣᠰᠣ᠂ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠦ᠂ ᠤᠮᠳᠠᠭᠠᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 17.6% ᠪᠠᠷ ᠨᠡᠮᠡᠭᠳᠡᠵᠦ᠂ ᠬᠤᠪᠴᠠᠰᠤ ᠬᠤᠨᠠᠷ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠡᠳ᠋ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 15.1% ᠪᠠᠷ ᠨᠡᠮᠡᠭᠳᠡᠪᠡ᠃ ᠬᠡᠰᠡᠭ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠢᠶᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ ᠠᠳᠠᠯᠢ ᠬᠤᠭᠤᠴᠠᠭᠠᠨ ᠤ ᠬᠢ ᠠᠴᠠ 78.4% ᠪᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠯᠡᠭᠡᠨ ᠤ ᠡᠳ᠋ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 53.2% ᠢᠶᠠᠷ ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 223.8% ᠪᠠᠷ ᠨᠡᠮᠡᠭᠳᠡᠪᠡ᠃      ᠶᠡᠷᠦᠩᠬᠡᠶ ᠳᠤᠨᠢ ᠠᠪᠴᠤ ᠦᠵᠡᠪᠡᠯ᠂ 1 - 8 ᠳ᠋ᠤᠭᠠᠷ ᠰᠠᠷ᠎ᠠ ᠳᠤ ᠬᠤᠷᠴᠢᠨ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠬᠦᠴᠦᠲᠡᠶ ᠨᠡᠮᠡᠭᠳᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠳᠡᠭᠡᠭᠰᠢᠯᠡᠪᠡ᠃ ᠭᠡᠪᠡᠴᠦ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠪᠠᠭᠤᠷᠠᠵᠤ᠂ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠠᠵᠤ ᠠᠬᠤᠢ ᠲᠣᠭᠲᠠᠭᠤᠨ ᠢᠶᠠᠷ ᠰᠠᠶᠢᠵᠢᠷᠠᠬᠤ ᠳᠤ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠪᠦᠬᠦ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠳᠣᠲᠣᠭᠠᠳᠤ ᠬᠥᠳᠡᠯᠭᠡᠭᠦ ᠬᠦᠴᠦᠨ ᠢ ᠬᠥᠭᠵᠢᠭᠡᠵᠦ᠂ ᠪᠦᠬᠦ ᠬᠦᠴᠦᠨ ᠢᠶᠠᠷ ᠲᠣᠭᠲᠠᠭᠤᠨ ᠢᠶᠠᠷ ᠨᠡᠮᠡᠭᠳᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号