ᠬᠤᠷᠴᠢᠨ ᠲᠣᠭᠤᠷᠢᠭ᠄ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠬᠦᠴᠦᠯᠡᠨ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/9/25
      ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠠᠵᠤ ᠠᠬᠤᠶᠢᠯᠠᠯ ᠤᠨ ᠣᠨᠴᠠᠯᠢᠭ ᠲᠤ ᠴᠢᠭᠯᠡᠭᠦᠯᠦᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠵᠢᠭᠰᠠᠭᠠᠨ ᠪᠠᠶᠢᠴᠠᠭᠠᠯᠳᠠ ᠶᠢ ᠪᠥᠬᠦ ᠲᠠᠯ᠎ᠠ ᠪᠠᠷ᠂ ᠭᠦᠨᠵᠡᠭᠡᠶ᠂ ᠨᠠᠷᠢᠨ ᠨᠢᠮᠪᠠᠶ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠪᠦᠲᠦᠮᠵᠢᠲᠡᠶ ᠠᠷᠢᠯᠭᠠᠪᠠ᠃ ᠡᠭᠦᠨ ᠤ ᠬᠠᠮᠲᠤ᠂ ᠣᠯᠠᠨ ᠬᠡᠯᠪᠡᠷᠢ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠥᠬᠦ ᠠᠷᠠᠳ ᠤᠨ ᠪᠠᠴᠢᠮ ᠪᠠᠶᠢᠳᠠᠯ ᠢ ᠠᠷᠭᠠᠴᠠᠬᠤ ᠦᠵᠡᠯ ᠤᠬᠠᠮᠰᠠᠷ ᠢ ᠬᠦᠴᠦᠯᠡᠨ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠬᠤᠷᠴᠢᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠪᠠᠳᠤᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号