ᠬᠤᠷᠴᠢᠨ ᠲᠣᠭᠤᠷᠢᠭ᠄ ᠣᠯᠠᠨ ᠲᠠᠯ᠎ᠠ ᠪᠠᠷ ᠬᠦᠴᠦᠯᠡᠵᠦ ᠨᠠᠮ ᠤᠨ ᠭᠡᠰᠢᠭᠦᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/9/29
      ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠤᠨ ᠬᠠᠩᠭᠠᠯᠭ᠎ᠠ ᠶᠢᠨ ᠬᠡᠯᠪᠡᠷᠢ ᠶᠢᠨ ᠰᠢᠨ᠎ᠡ ᠶᠢ ᠦᠷᠭᠦᠯᠵᠢᠯᠡᠨ ᠡᠭᠦᠳᠴᠦ᠂ ᠤᠨᠤᠯ ᠤᠨ ᠬᠥᠮᠦᠵᠢᠯ ᠪᠣᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠪᠣᠯᠤᠨ ᠰᠦᠯᠵᠢᠶᠡᠨ ᠳᠡᠭᠡᠷᠡᠬᠢ ᠬᠥᠮᠦᠵᠢᠯ᠂ ᠦᠢᠯᠡᠳᠦᠯᠭᠡ ᠶᠢᠨ ᠠᠵᠢᠯᠯᠠᠭ᠎ᠠ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠤᠶᠠᠯᠳᠤᠭᠤᠯᠵᠤ᠂ ᠨᠠᠮ ᠤᠨ ᠭᠡᠰᠢᠭᠦᠨ ᠤ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠪᠠ᠃ ᠬᠤᠷᠴᠢᠨ ᠲᠣᠭᠤᠷᠢᠭ ᠤᠨ ᠬᠢᠨ ︽ᠤᠨᠤᠯ ᠤᠨ ᠬᠥᠮᠦᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ︾ + ︽ᠲᠤᠬᠠᠶᠢᠯᠠᠭᠰᠠᠨ ᠠᠵᠢᠯ ᠤᠨ ᠪᠣᠯᠪᠠᠰᠤᠷᠠᠯ︾ ᠤᠨ ︽ᠬᠤᠣᠰ ᠪᠠᠭᠰᠢ ᠶᠢᠨ ᠬᠡᠯᠪᠡᠷᠢ︾ ᠶᠢᠨ ᠯᠧᠺᠲ᠋ᠣᠷ ᠤᠨ ᠪᠦᠯᠬᠦᠮ ᠢ ᠵᠣᠬᠢᠶᠠᠨ ᠪᠠᠶᠢᠭᠤᠯᠵᠤ᠂ ᠲᠤᠰᠬᠠᠢ ᠰᠡᠳᠦᠪᠲᠦ ᠬᠢᠴᠢᠶᠡᠯ ᠢ ᠬᠦᠴᠦᠯᠡᠨ ᠨᠡᠭᠡᠭᠡᠨ ᠬᠥᠭᠵᠢᠭᠦᠯᠵᠦ᠂ ︽ᠡᠭᠦᠯᠡᠨ ᠬᠢᠴᠢᠶᠡᠯ ᠤᠨ ᠲᠠᠩᠬᠢᠮ︾ ᠢ ᠠᠰᠢᠭᠯᠠᠨ ᠰᠤᠷᠤᠯᠴᠠᠬᠤ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠨ ᠬᠦᠷᠭᠡᠪᠡ᠃ ᠡᠭᠦᠨ ᠤ ᠬᠠᠮᠲᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠳᠤ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠭᠠᠷᠭᠠᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ᠂ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠠᠵᠢᠯ ᠢ ᠬᠠᠮᠵᠢᠨ ᠥᠷᠨᠢᠭᠦᠯᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号