1 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠷᠴᠢᠨ ᠲᠣᠭᠤᠷᠢᠭ ᠤᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠡᠯ᠎ᠡ ᠵᠥᠪᠯᠡᠬᠦ | ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠲᠠ ᠶᠢᠨ ᠵᠠᠰᠠᠭ ᠵᠠᠬᠢᠷᠭᠠᠨ ᠤ ᠲᠥᠪ ᠲᠤ ᠲᠡᠭᠦᠰᠪᠡ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠸᠠᠢ ᠬᠤᠩ ᠭᠦᠸᠧ ᠬᠤᠷᠠᠯ ᠲᠡᠭᠦᠰᠬᠦ ᠶᠠᠷᠢᠶᠠᠨ ᠳᠠᠭᠠᠨ | ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ | ᠪᠠᠶᠢᠭᠤᠯᠤᠯᠲᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠲᠣᠭᠤᠷᠢᠭ ᠤᠨ | ᠭᠤᠣᠯ ᠠᠵᠢᠯ ᠤᠨ ᠲᠣᠭᠤᠷᠢᠨ ᠳᠤ᠂ ᠲᠤᠰ ᠤᠳᠠᠭ᠎ᠠ ᠶᠢᠨ ᠬᠤᠷᠠᠯ ᠠᠴᠠ ᠲᠣᠭᠲᠠᠭᠠᠭᠰᠠᠨ ᠶᠡᠭᠡ ᠶᠠᠪᠤᠳᠠᠯ᠂ ᠤᠯᠠᠨ | ᠲᠦᠮᠡᠨ ᠤ ᠠᠩᠬᠠᠷᠴᠤ ᠪᠠᠶᠢᠭ᠎ᠠ ᠴᠢᠬᠤᠯᠠ ᠶᠠᠪᠤᠳᠠᠯ᠂ ᠥᠭᠡᠷᠡᠴᠢᠯᠡᠯᠲᠡ ᠬᠥᠭᠵᠢᠯᠲᠡ ᠶᠢᠨ ᠬᠦᠴᠢᠷ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ | ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ | | |