ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠡᠯᠧᠺᠳ᠋ᠷᠣᠨ ᠬᠤᠳᠠᠯᠳᠤᠭᠠᠨ ᠤ ᠪᠥᠭᠡᠮᠨᠡᠷᠡᠯ᠂ | ᠠᠭᠤᠰᠤᠯᠴᠠᠯ᠂ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠢᠳᠡᠪᠬᠢᠲᠡᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠡᠯᠧᠺᠳ᠋ᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ—ᠬᠤᠷᠴᠢᠨ ᠲᠣᠭᠤᠷᠢᠭ ᠤᠨ ᠡᠯᠧᠺᠳ᠋ᠷᠣᠨ | ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ ᠠᠮᠵᠢᠯᠲᠠ ᠲᠠᠢ ᠪᠠᠶᠢᠭᠤᠯᠵᠤ᠂ ᠣᠲᠣ 20 | ᠠᠵᠤ ᠠᠬᠤᠶᠢᠯᠠᠯ᠂ 13 ᠰᠢᠭᠤᠳ ᠨᠡᠪᠲᠡᠷᠡᠭᠦᠯᠬᠦ ᠠᠵᠤ ᠠᠬᠤᠶᠢᠯᠠᠯ ᠢ ᠪᠤᠶᠢᠵᠢᠭᠤᠯᠪᠠ᠃ ᠡᠭᠦᠨ ᠤ ᠬᠠᠮᠲᠤ᠂ | ᠥᠪᠥᠷ ᠮᠣᠩᠭᠤᠯ ᠤᠨ ᠴᠧᠩ ᠳ᠋ᠡ ᠪᠦᠯᠦᠭᠯᠡᠯ ᠲᠠᠢ ᠬᠠᠮᠲᠤᠷᠠᠨ ᠬᠤᠷᠴᠢᠨ ᠡᠯᠧᠺᠳ᠋ᠷᠣᠨ ᠬᠤᠳᠠᠯᠳᠤᠭᠠᠨ ᠤ ᠵᠢᠵᠢᠭ | ᠪᠠᠯᠭᠠᠰᠤ ᠶᠢ ᠬᠠᠮᠲᠤ ᠪᠠᠷ ᠪᠠᠶᠢᠭᠤᠯᠵᠤ᠂ 16 ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠳᠤ ᠰᠠᠭᠤᠷᠢᠰᠢᠪᠠ᠃ | ᠪᠦᠷᠢᠳᠬᠡᠯ ᠢ ᠦᠨᠳᠦᠰᠦᠯᠡᠪᠡᠯ᠂ 2024 ᠣᠨ ᠳᠤ᠂ ᠬᠤᠷᠴᠢᠨ ᠲᠣᠭᠤᠷᠢᠭ ᠤᠨ ᠡᠯᠧᠺᠳ᠋ᠷᠣᠨ ᠬᠤᠳᠠᠯᠳᠤᠭᠠᠨ ᠤ | ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠤᠯᠲᠠ ᠶᠢᠨ ᠬᠡᠮᠵᠢᠶ᠎ᠡ 743 | ᠲᠦᠮᠡᠨ ᠲᠥᠭᠦᠷᠢᠭ ᠢ ᠳᠠᠪᠠᠪᠠ᠃ | | |