ᠤᠢᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠵᠦ ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠠᠬᠢᠭᠤᠯᠪᠠ᠃ ᠣᠲᠣ ᠪᠣᠯᠲᠠᠯ᠎ᠠ᠂ | ᠬᠤᠷᠴᠢᠨ ᠲᠣᠭᠤᠷᠢᠭ ᠲᠤ ᠬᠤᠰᠢᠭᠤ ᠰᠢᠶᠠᠨ ︵ᠲᠣᠭᠤᠷᠢᠭ︶ ᠤ ᠲᠠᠰ ᠵᠢᠴᠢ ᠲᠡᠭᠦᠨ ᠠᠴᠠ ᠳᠡᠭᠡᠭᠰᠢᠬᠢ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠦᠢᠯ 50᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ | 59 ᠪᠣᠶ᠃ ᠡᠭᠦᠨ ᠤ ᠬᠠᠮᠲᠤ᠂ ᠤᠷᠢᠳ ᠬᠤᠵᠢᠳ ᠵᠡᠭᠦᠨ ᠬᠤᠶᠢᠲᠤ ᠣᠷᠣᠨ ᠤ ᠬᠤᠶᠠᠷ ᠬᠥᠮᠦᠨ ᠤ ᠲᠠᠭᠠᠷᠢᠯᠴᠠᠭ᠎ᠠ ᠂ | ᠠᠷᠠᠳ ᠤᠨ ᠳᠤᠮᠳᠠᠬᠢ ᠱᠤᠭᠤᠮᠠᠯ ᠵᠡᠷᠭᠡ ᠲᠦᠩᠯᠢᠶᠣᠤ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠯ ᠤᠨ ᠰᠠᠭᠤᠷᠢᠨ ᠭᠠᠵᠠᠷ ᠢ 5 ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠨᠡᠶᠢᠭᠡᠮ | ᠲᠣᠭᠤᠷᠢᠭ᠂ ᠦᠵᠡᠮᠵᠢ ᠶᠢᠨ ᠣᠷᠣᠨ᠂ ᠰᠤᠷᠭᠠᠭᠤᠯᠢ ᠶᠢᠨ ᠬᠦᠷᠢᠶ᠎ᠡ᠂ ᠬᠥᠳᠡᠭᠡ ᠲᠣᠰᠬᠤᠨ᠂ ᠠᠵᠤ ᠠᠬᠤᠶᠢᠯᠠᠯ᠂ | ᠴᠡᠷᠢᠭ ᠤᠨ ᠬᠤᠸᠠᠷᠠᠨ ᠤ ︽ᠵᠢᠷᠭᠤᠭ᠎ᠠ ᠶᠢ ᠣᠷᠣᠭᠤᠯᠬᠤ︾ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠤᠬᠠᠭᠤᠯᠭ᠎ᠠ ᠶᠢᠨ ᠠᠵᠢᠯᠯᠠᠭ᠎ᠠ ᠶᠢ 50 ᠭᠠᠷᠤᠶ ᠲᠠᠯᠠᠪᠤᠷ ᠥᠷᠨᠢᠭᠦᠯᠵᠦ᠂ ᠬᠦᠯᠢᠶᠡᠨ ᠠᠪᠤᠭᠴᠢᠳ ᠤᠨ ᠲᠤᠭ᠎ᠠ 10 | ᠲᠦᠮᠡ ᠭᠠᠷᠤᠶ ᠬᠥᠮᠦᠨ ᠤᠳᠠᠭ᠎ᠠ ᠳᠤ ᠬᠦᠷᠪᠡ᠃ | | |