ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢ | ᠬᠦᠴᠦᠯᠡᠨ ᠥᠷᠨᠢᠭᠦᠯᠵᠦ᠂ ᠵᠠᠰᠠᠭ ᠠᠵᠤ ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ | ᠦᠢᠯᠡᠴᠢᠯᠡᠭᠡᠨ ᠤ ᠴᠤᠪᠤᠷᠠᠯ ᠢ ᠳᠥᠭᠦᠮᠴᠢᠯᠡᠬᠦ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠨᠢᠭᠡ ᠥᠷᠲᠡᠭᠡᠨ ᠤ ᠮᠠᠶ᠋ᠢᠭ︾ ᠢᠶᠠᠷ ᠭᠦᠢᠴᠡᠳᠬᠡᠬᠦ ᠶᠢ ᠠᠬᠢᠭᠤᠯᠵᠤ᠂ ︽ᠠᠵᠤ ᠠᠬᠤᠶᠢᠯᠠᠯ ᠣᠯᠠᠨ ᠲᠦᠮᠡᠨ ᠳᠤ | ᠲᠥᠬᠦᠮ ᠦᠵᠡᠭᠦᠯᠵᠦ᠂ ᠵᠠᠰᠠᠭ ᠤᠨ ᠣᠷᠳᠣᠨ ᠪᠠᠩᠬᠢ ᠦᠢᠯᠡᠴᠢᠯᠡᠭᠡ ᠪᠠᠨ ᠰᠢᠯᠢᠳᠡᠭᠵᠢᠭᠦᠯᠬᠦ ︾ ᠭᠤᠷᠪᠠᠨ | ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠶᠢ ᠦᠨᠡᠨ ᠬᠦ ᠪᠡᠶᠡᠯᠡᠭᠦᠯᠪᠡ᠃ ᠡᠭᠦᠨ ᠤ ᠬᠠᠮᠲᠤ᠂ ᠥᠨᠳᠥᠷ | ᠪᠠᠷᠢᠮᠵᠢᠶᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠪᠠᠶᠢᠭᠤᠯᠵᠤ᠂ 54 ᠵᠦᠢᠯ ᠤᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠯᠠᠰ ᠴᠡᠭ ᠢ ᠡᠭᠦᠳᠬᠦ ᠠᠵᠢᠯ ᠢ ᠵᠠᠯᠭᠠᠭ᠎ᠠ ᠪᠠᠷ ᠭᠠᠷᠭᠠᠵᠤ᠂ ᠨᠠᠩ | ᠶᠡᠭᠡ ᠡᠷᠴᠢᠮ᠂ ᠨᠠᠩ ᠴᠢᠩᠭ᠎ᠠ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ ᠰᠢᠯᠢᠳᠡᠭ | ᠦᠢᠯᠡᠴᠢᠯᠡᠭᠡ ᠬᠠᠩᠭᠠᠪᠠ᠃ | | | |