ᠬᠤᠷᠴᠢᠨ ᠲᠣᠭᠤᠷᠢᠭ᠄ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠵᠤ ᠵᠣᠯ ᠵᠢᠷᠭᠠᠯᠲᠤ ᠠᠮᠢᠳᠤᠷᠠᠯ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2025/1/6
    2024 ᠣᠨ ᠳᠤ᠂ ᠬᠤᠷᠴᠢᠨ ᠲᠣᠭᠤᠷᠢᠭ ᠤᠨ ᠬᠢᠨ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃ ᠬᠤᠷᠴᠢᠨ ᠲᠣᠭᠤᠷᠢᠭ ᠤᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠨᠢ ᠨᠡᠶᠢᠲᠡ 66 ᠪᠠᠭ᠎ᠠ ᠲᠣᠭᠤᠷᠢᠭ᠂ 257 ᠰᠠᠭᠤᠷᠢ ᠠᠰᠠᠷ᠂ 10528 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠤ᠂ ᠥᠭᠡᠷᠡᠴᠢᠯᠡᠨ ᠪᠠᠶᠢᠭᠤᠯᠤᠭᠰᠠᠨ ᠲᠠᠯᠠᠪᠠᠶ ᠨᠢ ᠪᠠᠷᠤᠭ 95.64 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠨ᠎ᠠ᠃ ᠥᠭᠡᠷᠡᠴᠢᠯᠡᠬᠦ ᠠᠭᠤᠯᠭ᠎ᠠ ᠳᠤ ᠪᠣᠬᠢᠷᠲᠤᠯ ᠭᠠᠳᠠᠭᠰᠢᠯᠠᠭᠤᠯᠬᠤ᠂ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠪᠠᠭᠲᠠᠨ᠎ᠠ᠃ 2025 ᠣᠨ ᠳᠤ᠂ ᠬᠤᠷᠴᠢᠨ ᠲᠣᠭᠤᠷᠢᠭ ᠤᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠯᠥᠪᠯᠡᠭᠡ ᠨᠢ 44 ᠪᠠᠭ᠎ᠠ ᠲᠣᠭᠤᠷᠢᠭ᠂ 195 ᠠᠰᠠᠷ᠂ 8000 ᠡᠷᠦᠬᠡ ᠶᠢᠨ ᠰᠠᠭᠤᠭᠠᠯᠢ ᠠᠷᠠᠳ ᠲᠤ ᠬᠤᠯᠪᠣᠭᠳᠠᠵᠤ᠂ ᠥᠭᠡᠷᠡᠴᠢᠯᠡᠨ ᠪᠠᠶᠢᠭᠤᠯᠬᠤ ᠲᠠᠯᠠᠪᠠᠶ ᠨᠢ ᠪᠠᠷᠤᠭ 66.02 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠨ᠎ᠠ᠃
01.06 2插图.png
 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号